ᠠᠷᠤᠨ‌ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠦᠪᠯᠠᠯ ᠤᠨ ᠠᠯᠪᠠᠨ ᠬᠡᠷ ᠤᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/15
       ᠨᠢᠭᠡ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠦᠯᠤᠨ ᠪᠦᠢᠷ ᠬᠤᠳᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠵᠢᠴᠢ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠳᠠ ᠶᠢᠨ ᠲᠤᠬᠠᠢ ᠴᠢᠭᠯᠡᠯᠲᠡ ᠲᠦᠷᠤ ᠶᠢᠨ ᠪᠤᠳᠤᠯᠭ᠎ᠠ ᠪᠠ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠦᠪᠯᠠᠯ ᠤᠨ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ᠎ᠠ᠃       ᠬᠤᠶᠡᠷ᠂ ᠪᠦᠬᠦ ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠲᠡ ᠶᠢᠨ ᠲᠦᠷᠤ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃ ᠬᠠᠭᠤᠴᠢᠨ ᠪᠠᠷᠭᠤ ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠲᠡ ᠶᠢᠨ ᠲᠦᠷᠤ ᠶᠢᠨ ᠪᠤᠳᠤᠯᠭ᠎ᠠ᠂ ᠲᠦᠷᠢᠮ ᠪᠠ ᠪᠠᠷᠢᠮᠵᠢᠶ᠎ᠠ ᠵᠡᠷᠭᠡ ᠶᠢ ᠰᠤᠳᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃       ᠭᠤᠷᠪᠠ᠂ ᠪᠦᠬᠦ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠵᠢᠯ ᠢ ᠨᠢᠭᠡᠳᠤᠯᠳᠠᠢ ᠲᠦᠯᠤᠪᠯᠡᠨ ᠲᠦᠯᠬᠢᠨ ᠠᠬᠢᠭᠤᠯᠤᠨ᠎ᠠ᠃ ᠬᠤᠰᠢᠭᠤᠨ ᠤ ᠲᠤᠰ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ᠂ ᠨᠠᠮ ᠤᠨ ᠬᠤᠷᠢᠶᠠᠨ ᠤ ᠠᠵᠢᠯ ᠤᠨ ᠪᠠᠶᠢᠭᠤᠯᠤᠯᠭ᠎ᠠ᠂ ᠠᠷᠠᠤᠨ ᠤᠨ ᠲᠦᠯᠤᠭᠡᠯᠡᠭᠴᠢᠤᠨ ᠤᠨ ᠶᠡᠭᠡ ᠬᠤᠷᠠᠯ ᠤᠨ ᠪᠠᠶᠢᠭᠤᠯᠤᠯᠭ᠎ᠠ᠂ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ᠂ ᠤᠯᠤᠰ ᠲᠦᠷᠤ ᠶᠢᠨ ᠵᠦᠪᠯᠡᠯᠭᠡᠨ ᠤ ᠪᠠᠶᠢᠭᠤᠯᠤᠯᠭ᠎ᠠ᠂ ᠬᠠᠮᠳᠤ ᠪᠦᠯᠬᠦᠮ ᠤᠨ ᠪᠠᠶᠢᠭᠤᠯᠤᠯᠭ᠎ᠠ᠂ ᠠᠷᠠᠤᠨᠴᠢᠯᠠᠭᠰᠠᠨ ᠨᠠᠮ ᠪᠦᠯᠤᠭ᠌ ᠤᠨ ᠪᠠᠶᠢᠭᠤᠯᠤᠯᠭ᠎ᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠮᠢᠯᠠᠭᠰᠠᠨ ᠪᠠᠶᠢᠭᠤᠯᠤᠮᠵᠢ ︵ᠲᠤᠤᠷ᠎ᠠ ᠨᠠᠮ ᠵᠠᠰᠠᠭ ᠪᠦᠯᠬᠦᠮ ᠤᠨ ᠪᠠᠶᠢᠭᠤᠯᠤᠯᠭ᠎ᠠ ᠬᠡᠵᠦ ᠨᠡᠷᠡᠶᠢᠳᠤᠨ᠎ᠡ︶ ᠪᠠ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠤᠯ ᠢ ᠰᠤᠳᠤᠯᠤᠨ ᠲᠤᠭᠤᠷᠪᠢᠨ ᠲᠤᠭᠳᠠᠭᠠᠵᠤ᠂ ᠵᠦᠪᠰᠢᠶᠡᠷᠡᠭᠰᠡᠨ  ᠤ ᠲᠠᠷᠠᠭ᠎ᠠ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠰᠤᠮᠤ ᠪᠠᠯᠭᠠᠰᠤ ︵ᠨᠡᠶᠢᠭᠡᠮ ᠲᠤᠭᠤᠷᠢᠭ︶ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠰᠤᠯ ᠢ ᠰᠤᠳᠤᠯᠤᠨ ᠲᠤᠭᠤᠷᠪᠢᠨ ᠲᠤᠭᠳᠠᠭᠠᠵᠤ᠂ ᠵᠦᠪᠰᠢᠶᠡᠷᠡᠭᠰᠡᠨ  ᠤ ᠲᠠᠷᠠᠭ᠎ᠠ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠯᠴᠠᠨ ᠠᠵᠢᠯ ᠲᠦᠷᠤᠯ ᠤᠨ ᠬᠠᠮᠢᠶᠠᠷᠤᠯᠲᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃       ᠲᠦᠷᠪᠡ᠂ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠲᠡ ᠶᠢᠨ ᠪᠤᠳᠠᠳᠠᠢ ᠬᠡᠷᠡᠭ ᠶᠠᠪᠤᠳᠠᠯ ᠢ ᠬᠠᠷᠢᠭᠤᠴᠠᠨ᠎ᠠ᠃ ᠲᠡᠬᠡᠳᠤ ᠱᠠᠳᠤᠨ ᠤ ᠪᠠᠭᠤᠯᠭᠠᠭᠰᠠᠨ ᠵᠠᠰᠠᠭ ᠵᠠᠬᠢᠷᠭᠠᠨ ᠤ ᠤᠷᠤᠨ ᠲᠤᠭ᠎ᠠ᠂ ᠠᠵᠢᠯ ᠦᠢᠯᠡᠰ ᠤᠨ ᠤᠷᠤᠨ ᠲᠤᠭᠠᠨ ᠤ ᠶᠡᠷᠤᠩᠬᠡᠢ ᠲᠤᠭ᠎ᠠ ᠶᠢ ᠦᠨᠳᠤᠰᠤᠯᠡᠨ᠂ ᠬᠤᠰᠢᠭᠤᠨ ᠤ ᠲᠤᠰ ᠱᠠᠳᠤᠨ ᠤ ᠬᠠᠷᠠᠭᠠᠯᠵᠠᠭᠰᠠᠨ ᠤᠷᠤᠨ ᠲᠤᠭᠠᠨ ᠤ ᠶᠡᠷᠤᠩᠬᠡᠢ ᠲᠤᠭᠠᠨ ᠤ ᠬᠤᠪᠢᠶᠠᠷᠢᠯᠠᠯ ᠤᠨ ᠲᠦᠰᠤᠯ ᠵᠢᠴᠢ ᠲᠤᠬᠢᠷᠠᠭᠤᠯᠤᠯᠳᠠ ᠶᠢᠨ ᠲᠦᠰᠤᠯ ᠢ ᠲᠤᠭᠤᠷᠪᠢᠨ ᠲᠤᠭᠳᠠᠭᠠᠨ᠎ᠠ᠃ ᠬᠤᠰᠢᠭᠤᠨ ᠤ ᠲᠤᠰ ᠱᠠᠳᠤᠨ ᠤ ᠨᠠᠮ ᠵᠠᠰᠠᠭ ᠬᠠᠮᠳᠤ ᠪᠦᠯᠬᠦᠮ ᠤᠨ ᠪᠠᠶᠢᠭᠤᠯᠤᠯᠭ᠎ᠠ ᠶᠢᠨ ︽ᠭᠤᠷᠪᠠ ᠶᠢ ᠲᠤᠭᠳᠠᠭᠠᠬᠤ︾ ᠲᠤᠭᠳᠠᠭᠠᠯ᠂ ᠠᠵᠢᠯ ᠦᠢᠯᠡᠰ ᠤᠨ ᠨᠢᠭᠡᠴᠡ ᠶᠢᠨ ︽ᠲᠠᠪᠤ ᠶᠢ ᠲᠤᠭᠳᠠᠭᠠᠬᠤ︾ ᠲᠤᠭᠳᠠᠭᠠᠯ ᠢ ᠲᠤᠭᠤᠷᠪᠢᠨ ᠲᠤᠭᠳᠠᠭᠠᠨ᠎ᠠ᠃ ᠡᠷᠭᠡ ᠶᠢᠨ ᠬᠡᠪᠴᠢᠶᠡᠨ ᠳᠤ ᠬᠤᠰᠢᠭᠤᠨ ᠤ ᠲᠤᠰ ᠱᠠᠳᠤᠨ ᠤ ᠨᠠᠮ ᠵᠠᠰᠠᠭ ᠪᠦᠯᠬᠦᠮ ᠤᠨ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠭᠤᠤᠯ ᠡᠬᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠳᠠ᠂ ᠠᠵᠢᠯᠳᠠᠨ ᠤ ᠤᠷᠤᠨ ᠲᠤᠭ᠎ᠠ᠂ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠵᠡᠷᠭᠡ ᠲᠤᠬᠢᠷᠠᠭᠤᠯᠤᠯᠳᠠ ᠶᠢᠨ ᠬᠡᠷᠡᠭ ᠶᠠᠪᠤᠳᠠᠯ ᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠨ᠎ᠡ᠃ ᠬᠤᠰᠢᠭᠤᠨ ᠤ ᠲᠤᠰ ᠱᠠᠳᠤᠨ ᠤ ᠰᠠᠯᠠᠭ᠎ᠠ ᠮᠦ᠋ᠴᠢᠷ ᠤᠨ ᠬᠤᠭᠤᠷᠤᠨᠳᠤᠬᠢ ᠲᠤᠰᠢᠶᠠᠯ ᠡᠬᠦᠷᠭᠡ ᠶᠢᠨ ᠠᠵᠢᠯ ᠤᠨ ᠬᠤᠪᠢᠶᠠᠷᠢᠯᠠᠯ ᠢ ᠵᠤᠬᠢᠴᠠᠭᠤᠯᠤᠨ ᠲᠤᠭᠳᠠᠭᠠᠵᠤ᠂ ᠬᠤᠰᠢᠭᠤ ᠪᠤᠯᠤᠨ ᠰᠤᠮᠤ ᠪᠠᠯᠭᠠᠰᠤ ᠶᠢᠨ ᠬᠤᠭᠤᠷᠤᠨᠳᠤᠬᠢ ᠲᠤᠰᠢᠶᠠᠯ ᠬᠠᠷᠢᠭᠤᠴᠠᠯᠭ᠎ᠠ ᠶᠢ ᠬᠤᠪᠢᠶᠠᠷᠢᠯᠠᠬᠤ ᠬᠡᠷᠡᠭ ᠶᠠᠪᠤᠳᠠᠯ ᠢ ᠵᠤᠬᠢᠴᠠᠭᠤᠯᠤᠨ᠎ᠠ᠃ ᠡᠷᠭᠡ ᠶᠢᠨ ᠬᠡᠪᠴᠢᠶᠡᠨ ᠳᠤ ᠲᠠᠰᠤᠭ ᠤᠨ ᠲᠡᠰ ᠤᠨ ᠠᠵᠢᠯ ᠦᠢᠯᠡᠰ ᠤᠨ ᠨᠢᠭᠡᠴᠡ ᠶᠢ ᠪᠠᠶᠢᠭᠤᠯᠬᠤ ᠪᠠ ᠲᠤᠬᠢᠷᠠᠭᠤᠯᠬᠤ ᠬᠡᠷᠡᠭ ᠶᠠᠪᠤᠳᠠᠯ ᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠨ᠎ᠡ᠃       ᠲᠠᠪᠤ᠂ ᠪᠠᠶᠢᠭᠤᠯᠤᠮᠵᠢ ᠶᠢᠨ ᠤᠷᠤᠨ ᠲᠤᠭᠠᠨ ᠤ ᠬᠢᠨᠠᠯᠲᠡ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠤᠮᠵᠢ ᠶᠢᠨ ᠤᠷᠤᠨ ᠲᠤᠭᠠᠨ ᠤ ᠴᠢᠭᠯᠡᠯᠳᠡ ᠲᠦᠷᠤ ᠶᠢᠨ ᠪᠤᠳᠤᠯᠭ᠎ᠠ᠂ ᠬᠠᠤᠯᠢ ᠴᠠᠭᠠᠵᠨ ᠬᠠᠤᠯᠢ ᠲᠤᠭᠳᠠᠭᠠᠯ ᠪᠠ ᠴᠢᠬᠤᠯᠠ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠡᠷᠩᠵᠢᠬᠦᠯᠤᠭ᠍ᠰᠡᠨ ᠪᠠᠶᠢᠳᠠᠯ ᠳᠤ ᠬᠢᠨᠠᠨ ᠪᠠᠶᠢᠴᠠᠭᠠᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ ᠪᠠᠶᠢᠭᠤᠯᠤᠮᠵᠢ ᠶᠢᠨ ᠤᠷᠤᠨ ᠲᠤᠭᠠᠨ ᠤ ᠬᠠᠤᠯᠢ ᠰᠠᠬᠢᠯᠭ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠤᠨᠬᠡᠨ᠎ᠡ᠃ ᠪᠦᠬᠦ ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠦᠨᠡᠨ ᠨᠡᠷ᠎ᠠ ᠶᠢᠨ ᠲᠦᠷᠢᠮ ᠤᠨ ᠬᠠᠮᠢᠶᠠᠷᠤᠯᠳᠠ ᠪᠠ ᠨᠠᠮ ᠵᠠᠰᠠᠭ ᠤᠨ ᠪᠦᠯᠬᠦᠮ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠤᠷᠤᠨ ᠲᠤᠭᠠᠨ ᠤ ᠬᠡᠷᠩᠯᠡᠬᠦ ᠲᠦᠯᠤᠪᠯᠡᠭᠡ ᠶᠢᠨ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠠᠵᠢᠯ ᠦᠢᠯᠡᠰ ᠤᠨ ᠨᠢᠭᠡᠴᠡ ᠶᠢᠨ ᠲᠠᠩᠰᠠᠯᠠᠬᠤ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠲᠤᠰ ᠱᠠᠳᠤᠨ ᠤ ᠨᠠᠮ ᠵᠠᠰᠠᠭ ᠪᠦᠯᠬᠦᠮ ᠤᠨ ᠪᠠᠶᠢᠭᠤᠯᠤᠯᠭ᠎ᠠ ᠶᠢᠨ ᠨᠢᠭᠡᠳᠤᠯᠳᠠᠢ ᠨᠡᠶᠢᠭᠡᠮ ᠤᠨ ᠢᠳᠡᠬᠡᠮᠵᠢ ᠶᠢᠨ ᠲᠦᠯᠤᠭᠡᠯᠡᠬᠦ ᠲᠡᠮᠳᠡᠭ ᠤᠨ ᠬᠠᠮᠢᠶᠠᠷᠤᠯᠲᠡ ᠶᠢᠨ ᠠᠵᠢᠯ ᠪᠠ ᠠᠵᠢᠯ ᠦᠢᠯᠡᠰ ᠤᠨ ᠨᠢᠭᠡᠴᠡ ᠶᠢᠨ ᠲᠠᠩᠰᠠᠯᠠᠬᠤ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃       ᠲᠤᠯᠤᠭ᠎ᠠ᠂ ᠪᠠᠶᠢᠭᠤᠯᠤᠮᠵᠢ ᠶᠢᠨ ᠤᠷᠤᠨ ᠲᠤᠭᠠᠨ ᠤ ᠰᠤᠷᠠᠭ ᠵᠠᠩᠬᠢᠴᠢᠯᠠᠯᠲᠠ ᠶᠢᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠲᠤᠭ᠎ᠠ ᠪᠦᠷᠢᠤᠨᠬᠡᠯ ᠪᠠ ᠰᠤᠷᠠᠭ ᠵᠠᠩᠬᠢ ᠶᠢᠨ ᠬᠠᠮᠢᠶᠠᠷᠤᠯᠲᠡ ᠶᠢᠨ ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠨᠠᠮ ᠵᠠᠰᠠᠭ ᠪᠦᠯᠬᠦᠮ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠠᠬᠢ ᠨᠡᠷᠡᠶᠢᠳᠤᠯ ᠤᠨ ᠬᠠᠮᠢᠶᠠᠷᠤᠯᠲᠡ ᠵᠡᠷᠭᠡ ᠠᠵᠢᠯ ᠢ ᠵᠢᠯᠤᠭᠤᠳᠤᠨ ᠲᠦᠷᠢᠮᠵᠢᠬᠦᠯᠤᠨ᠎ᠡ᠃       ᠨᠠᠢᠮᠠ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠦᠪᠯᠠᠯ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠬᠦᠢᠴᠡᠤᠨᠬᠡᠨ᠎ᠡ᠃
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ