ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠬᠠᠤᠯᠢ ᠴᠠᠭᠠᠵᠠ | ᠬᠠᠤᠯᠢ ᠲᠤᠭᠳᠠᠭᠠᠯ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ | ᠬᠤᠯᠪᠤᠭᠳᠠᠯ ᠪᠦᠬᠦᠢ ᠲᠦᠯᠦᠪᠵᠢᠭᠦᠯᠭᠡ ᠶᠢ ᠲᠤᠭᠤᠷᠪᠢᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠲᠦᠷᠢᠮ ᠪᠠ ᠪᠠᠷᠢᠮᠵᠢᠶ᠎ᠡ ᠶᠢ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠶᠡᠷᠦᠩᠬᠡᠶᠢᠯᠡᠭᠰᠡᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠤᠷᠪᠢᠵᠦ᠂ ᠪᠤᠳᠠᠰ ᠤᠨ ᠭᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ | ᠲᠤᠭᠤᠷᠪᠢᠬᠤ ᠳᠤ ᠤᠷᠤᠯᠴᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠪᠠ ᠵᠠᠳᠠᠯᠤᠯᠲᠠ ᠶᠢᠨ ᠠᠵᠢᠯ ᠢ ᠡᠭᠦᠷᠭᠡᠯᠡᠨ᠎ᠡ᠃ ᠰᠤᠮᠤ ᠪᠠᠯᠭᠠᠰᠤ ᠶᠢ ᠵᠢᠯᠤᠭᠤᠳᠤᠨ | ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ | ᠬᠤᠶᠠᠷ᠂ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠯᠪᠤᠭᠳᠠᠯ ᠪᠦᠬᠦᠢ ᠲᠤᠭᠳᠠᠮᠠᠯ | ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ᠂ ᠪᠡᠯᠡ ᠮᠦᠩᠬᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠤᠢ᠂ ᠦᠨ᠎ᠡ ᠬᠠᠩᠰᠢ᠂ ᠮᠦᠩᠭᠦᠨ | ᠭᠦᠢᠯᠭᠡᠭᠡᠨ ᠵᠡᠷᠭᠡ ᠲᠠᠯ᠎ᠠ ᠲᠠᠢ ᠬᠤᠯᠪᠤᠭᠳᠠᠭᠰᠠᠨ ᠰᠠᠨᠠᠭᠤᠯᠭ᠎ᠠ ᠶᠢ ᠲᠤᠷᠠᠳᠴᠦ᠂ ᠬᠤᠯᠪᠤᠭᠳᠠᠯ ᠪᠦᠬᠦᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ | ᠲᠦᠷᠦᠯ ᠵᠦᠢᠯ ᠢ ᠬᠢᠨᠠᠨ ᠬᠠᠷᠭᠤᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ ᠲᠡᠯᠭᠡᠭᠦᠷ ᠤᠨ ᠬᠠᠮᠢᠶᠠᠷᠤᠯᠲᠠ ᠶᠢᠨ | ᠠᠵᠢᠯ ᠢ ᠱᠠᠭᠠᠷᠳᠠᠨ ᠵᠢᠯᠤᠭᠤᠳᠤᠨ᠎ᠠ᠃ ᠲᠤᠭᠳᠠᠭᠠᠯ ᠶᠤᠰᠤᠭᠠᠷ ᠡᠷᠬᠡ ᠶᠢᠨ ᠬᠡᠪᠴᠢᠶᠡᠨ ᠳᠤ ᠵᠠᠰᠠᠮᠠᠯ ᠵᠠᠮ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ | ᠲᠦᠷᠦᠯ ᠵᠦᠢᠯ ᠢ ᠲᠦᠯᠦᠪᠯᠡᠨ ᠬᠢᠨᠠᠨ ᠵᠦᠪᠰᠢᠶᠡᠷᠡᠬᠦ᠂ ᠪᠠᠷᠢᠯᠭ᠎ᠠ ᠡᠬᠢᠯᠡᠭᠦᠯᠬᠦ ᠵᠦᠪᠰᠢᠶᠡᠷᠡᠯ᠂ ᠴᠢᠨᠠᠷ ᠴᠢᠨᠰᠠᠭᠠᠨ ᠤ ᠬᠢᠨᠠᠯᠳᠠ᠂ ᠪᠠᠷᠢᠯᠭ᠎ᠠ ︵ᠲᠠᠭᠤᠰᠬᠠᠬᠤ︶ ᠶᠢ | ᠰᠢᠯᠭᠠᠨ ᠬᠤᠷᠢᠶᠠᠬᠤ ᠵᠡᠷᠭᠡ ᠬᠢᠨᠠᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ | ᠤᠷᠴᠢᠨ ᠲᠤᠭᠤᠷᠢᠨ ᠢ ᠬᠠᠮᠠᠭᠠᠯᠠᠬᠤ ᠡᠨᠧᠷᠬᠢ ᠠᠷᠪᠢᠯᠠᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠯᠲᠠ ᠲᠠᠯᠪᠢᠨ ᠵᠢᠯᠤᠭᠤᠳᠤᠨ᠎ᠠ᠃ | ᠭᠤᠷᠪᠠ᠂ ᠵᠠᠰᠠᠮᠠᠯ ᠵᠠᠮ ᠤᠰᠤᠨ ᠵᠠᠮ ᠤᠨ ᠬᠠᠮᠢᠶᠠᠷᠤᠨ ᠬᠠᠮᠠᠭᠠᠯᠠᠬᠤ ᠠᠵᠢᠯ ᠢ ᠬᠢᠨᠠᠨ ᠵᠢᠯᠤᠭᠤᠳᠤᠨ᠎ᠠ᠃ ᠲᠠᠭᠠᠭᠠᠴᠠ ᠠᠴᠠ ᠬᠡᠳᠦᠷᠡᠳᠡᠯ᠎ᠡ ᠲᠡᠭᠡᠭᠡᠪᠦᠷᠢᠯᠡᠬᠦ᠂ | ᠵᠠᠮ ᠳᠤ ᠬᠤᠯᠪᠤᠭᠳᠠᠭᠰᠠᠨ ᠢᠨᠵᠧᠨᠧᠷᠢᠩ ᠤᠨ ᠬᠤᠯᠪᠤᠭᠳᠠᠯ ᠪᠦᠬᠦᠢ ᠵᠦᠢᠯᠡᠰ ᠢ ᠬᠠᠮᠢᠶᠠᠷᠴᠦ᠂ ᠵᠠᠰᠠᠮᠠᠯ ᠵᠠᠮ ᠢ ᠠᠷᠠᠴᠢᠯᠠᠬᠤ᠂ ᠵᠠᠮ ᠤᠨ ᠶᠠᠪᠤᠳᠠᠯ᠂ ᠡᠵᠡᠩᠨᠡᠨ | ᠦᠢᠯᠡᠴᠢᠯᠡᠬᠦ ᠵᠡᠷᠭᠡ ᠠᠵᠢᠯ ᠢ ᠵᠢᠯᠤᠭᠤᠳᠤᠨ᠎ᠠ᠃ ᠵᠠᠰᠠᠮᠠᠯ ᠵᠠᠮ ᠢ ᠨᠢᠭᠡᠳᠦᠯᠳᠠᠢ ᠲᠦᠯᠦᠪᠯᠡᠨ ᠲᠤᠬᠢᠷᠠᠭᠤᠯᠬᠤ᠂ ᠵᠠᠮ ᠤᠨ ᠲᠤᠤᠷ ᠢ ᠬᠢᠨᠠᠨ ᠬᠡᠮᠵᠢᠬᠦ ᠠᠵᠢᠯ ᠢ | ᠵᠢᠯᠤᠭᠤᠳᠤᠨ᠎ᠠ᠃ ᠬᠦᠳᠡᠭᠡ ᠲᠤᠰᠬᠤᠨ ᠤ ᠵᠠᠰᠠᠮᠠᠯ ᠵᠠᠮ ᠤᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ | ᠲᠦᠷᠪᠡ᠂ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠲᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠰᠢᠭᠤ | ᠰᠢᠶᠠᠨ ᠤ ᠵᠠᠮ ᠱᠤᠭᠤᠮ ᠤᠨ ᠠᠶᠠᠨᠴᠢᠳ ᠢ ᠲᠡᠭᠡᠭᠡᠪᠦᠷᠢᠯᠡᠬᠦ ᠶᠢ ᠬᠠᠷᠢᠭᠤᠴᠠᠨ᠂ ᠤᠯᠤᠰ ᠤᠨ ᠵᠠᠮ ᠲᠡᠭᠡᠭᠡᠪᠦᠷᠢ ᠶᠢ ᠬᠠᠮᠵᠢᠯᠴᠠᠨ᠂ ᠠᠭᠠᠷ ᠠᠶᠠᠯᠠᠯ ᠤᠨ ᠵᠠᠮ | ᠨᠡᠪᠳᠡᠷᠡᠭᠦᠯᠭᠡ ᠶᠢᠨ ᠨᠦᠬᠦᠴᠡᠯ ᠤᠨ ᠨᠦᠯᠦᠭᠡᠯᠡᠯ ᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠠᠨᠴᠢᠳ ᠤᠨ | ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠᠷᠠᠭᠠᠨ ᠤ ᠲᠡᠬᠡᠬᠡᠪᠦᠷᠢ ᠶᠢᠨ ᠲᠠᠯᠠᠪᠠᠢ ᠦᠷᠳᠡᠭᠡᠨ ᠤ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ | ᠡᠵᠡᠩᠨᠡᠵᠦ ᠪᠠᠶᠢᠭ᠎ᠠ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠳᠠᠪᠬᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡᠨ ᠤ ᠵᠢᠯᠤᠭᠤᠴᠢ ᠶᠢᠨ ᠪᠤᠯᠪᠠᠰᠤᠷᠠᠯ ᠵᠢᠴᠢ ᠠᠵᠢᠯ | ᠡᠷᠬᠢᠯᠡᠭᠰᠡᠳ ᠢ ᠬᠠᠮᠢᠶᠠᠷᠬᠤ ᠵᠡᠷᠭᠡ ᠠᠵᠢᠯ ᠢ ᠬᠢᠨᠠᠨ ᠵᠢᠯᠤᠭᠤᠳᠤᠨ᠎ᠠ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ | ᠲᠦᠷᠢᠶᠡᠰᠦᠯᠡᠬᠦ᠂ ᠰᠦᠯᠵᠢᠶᠡᠨ ᠳᠤ ᠲᠡᠷᠭᠡ ᠪᠤᠯᠵᠤᠬᠤ ᠵᠡᠷᠭᠡ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠳᠠ ᠶᠢ ᠵᠢᠯᠤᠭᠤᠳᠤᠨ᠎ᠠ᠃ ᠤᠩᠭᠤᠴᠠ | ᠲᠠᠩᠰᠠᠯᠠᠬᠤ᠂ ᠰᠢᠯᠭᠠᠨ ᠪᠠᠶᠢᠴᠠᠭᠠᠬᠤ ᠪᠠ ᠤᠡᠭᠭᠤᠴᠡᠨ ᠤ ᠠᠵᠢᠯᠳᠠᠨ ᠤ ᠬᠠᠮᠢᠶᠠᠷᠤᠯᠳᠠ ᠵᠡᠷᠭᠡ ᠠᠵᠢᠯ ᠢ ᠵᠢᠯᠤᠭᠤᠳᠤᠨ᠎ᠠ᠃ ᠡᠷᠬᠡ ᠶᠢᠨ ᠬᠡᠪᠴᠢᠶᠡᠨ ᠳᠤ ᠬᠦᠳᠡᠭᠡ | ᠲᠤᠰᠬᠤᠨ ᠤ ᠠᠶᠠᠨᠴᠢᠳ ᠤᠨ ᠦᠷᠳᠡᠭᠡᠨ ᠤ ᠭᠤᠶᠤᠴᠢᠯᠠᠯ ᠢ ᠬᠠᠷᠢᠭᠤᠴᠠᠵᠤ᠂ ᠬᠡᠷᠡᠭᠵᠢᠭᠦᠯᠦᠰᠢᠳᠡᠢ ᠰᠤᠳᠤᠯᠭᠠᠨ ᠤ ᠮᠡᠳᠡᠭᠦᠯᠦᠯᠲᠡ ᠶᠢᠨ ᠠᠩᠬ᠎ᠠ ᠠᠯᠬᠤᠮ ᠤᠨ ᠬᠢᠨᠠᠨ | ᠪᠠᠶᠢᠴᠠᠭᠠᠯᠳᠠ᠂ ᠲᠦᠷᠦᠯ ᠵᠦᠢᠯ ᠢ ᠲᠤᠭᠳᠠᠭᠠᠬᠤ ᠪᠠ ᠢᠨᠵᠧᠨᠧᠷᠢᠩ ᠤᠨ ᠪᠠᠷᠢᠯᠭ᠎ᠠ ᠲᠠᠭᠤᠰᠤᠭᠰᠠᠨ ᠤ ᠲᠠᠷᠠᠭ᠎ᠠ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ | ᠲᠠᠪᠤ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠢ | ᠬᠢᠨᠠᠨ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠲᠦᠷᠢᠮ ᠪᠠ ᠪᠠᠴᠢᠮ | ᠪᠠᠶᠢᠳᠠᠯ ᠢ ᠠᠷᠭᠠᠴᠠᠭᠠᠬᠤ ᠲᠦᠰᠦᠯ ᠢ ᠲᠤᠭᠤᠷᠪᠢᠬᠤ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠵᠠᠮ ᠤᠨ ᠲᠤᠤᠷ ᠤᠨ ᠡᠷᠭᠢᠯᠲᠡ ᠶᠢᠨ ᠪᠠᠶᠢᠳᠠᠯ ᠢ | ᠬᠢᠨᠠᠨ ᠬᠡᠮᠵᠢᠨ ᠵᠠᠳᠠᠯᠵᠦ᠂ ᠬᠤᠯᠪᠤᠭᠳᠠᠯ ᠪᠦᠬᠦᠢ ᠰᠤᠷᠠᠭ ᠵᠠᠩᠬᠢ ᠶᠢ ᠨᠡᠶᠢᠳᠡᠯᠡᠨ᠎ᠡ᠃ ᠤᠰᠤᠨ ᠲᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠶᠢ ᠬᠠᠷᠢᠭᠤᠴᠠᠨ᠎ᠠ᠃ ᠬᠠᠭᠤᠴᠢᠨ ᠪᠠᠷᠭᠤ ᠬᠤᠰᠢᠭᠤᠨ ᠤ ᠭᠤᠤᠯᠳᠠᠯᠭ᠎ᠠ ᠲᠠᠢ ᠪᠤᠳᠠᠰ᠂ ᠪᠠᠴᠢᠮ ᠠᠶᠠᠨᠴᠢᠳ ᠪᠠᠷᠠᠭᠠᠨ ᠤ ᠲᠡᠭᠡᠭᠡᠪᠦᠷᠢ ᠶᠢ | ᠲᠤᠬᠢᠷᠠᠭᠤᠯᠬᠤ ᠶᠢ ᠬᠠᠷᠢᠭᠤᠴᠠᠨ᠎ᠠ᠃ | ᠵᠢᠷᠭᠤᠭ᠎ᠠ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠤᠨ᠎ᠠ᠃ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠤ ᠠᠵᠢᠯ ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠵᠦᠪᠰᠢᠶᠡᠷᠡᠯ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ | ᠶᠡᠭᠡ ᠬᠡᠷᠡᠭ ᠵᠠᠷᠭᠤ ᠶᠢ ᠪᠠᠶᠢᠴᠠᠭᠠᠬᠤ ᠶᠢ ᠵᠤᠬᠢᠶᠠᠨ ᠪᠠᠶᠢᠭᠤᠯᠬᠤ ᠪᠠ ᠵᠠᠰᠠᠭ ᠵᠠᠬᠢᠷᠭᠠᠨ ᠤ ᠤᠷᠤᠨ ᠪᠦᠰᠡ ᠶᠢ ᠠᠯᠤᠰᠯᠠᠨ ᠬᠠᠤᠯᠢ ᠬᠡᠷᠡᠭᠵᠢᠭᠦᠯᠵᠦ᠂ ᠲᠤᠭᠳᠠᠭᠰᠠᠨ | ᠬᠠᠮᠢᠶᠠᠷᠬᠤ ᠬᠡᠷᠡᠭ ᠵᠠᠷᠭᠤ ᠶᠢ ᠡᠷᠬᠢᠯᠡᠨ ᠭᠦᠢᠴᠡᠳᠭᠡᠨ᠎ᠡ᠃ | ᠲᠤᠯᠤᠭ᠎ᠠ᠂ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠨ ᠲᠡᠯᠭᠡᠷᠡᠭᠦᠯᠬᠦ ᠶᠢ ᠵᠢᠯᠤᠭᠤᠳᠴᠦ᠂ ᠰᠤᠷᠠᠭ | ᠵᠠᠩᠬᠢᠴᠢᠯᠠᠯᠲᠠ᠂ ᠪᠠᠷᠢᠮᠵᠢᠶᠠᠵᠢᠭᠰᠠᠨ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠦᠷᠦᠯ ᠤᠨ ᠦᠭᠡᠷᠡᠴᠢᠯᠡᠯᠲᠡ ᠶᠢᠨ | ᠠᠵᠢᠯ ᠪᠠ ᠢᠳᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠵᠢᠯᠤᠭᠤᠳᠤᠨ᠎ᠠ᠃ | ᠨᠠᠢᠮᠠ᠂ ᠠᠵᠢᠯ ᠲᠦᠷᠦᠯ ᠤᠨ ᠴᠡᠷᠢᠭ ᠠᠷᠠᠳ ᠤᠨ ᠠᠭᠤᠰᠤᠯᠴᠠᠭᠤᠯᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ᠂ | ᠴᠡᠷᠢᠭ ᠤᠨ ᠶᠠᠪᠤᠳᠠᠯ ᠤᠨ ᠠᠵᠢᠯᠯᠠᠭ᠎ᠠ ᠪᠠ ᠠᠶᠤᠯ ᠠᠴᠠ ᠵᠠᠪᠳᠤᠨ ᠠᠪᠤᠷᠠᠬᠤ ᠭᠠᠮᠰᠢᠭ ᠠᠴᠠ ᠠᠪᠤᠷᠠᠬᠤ ᠵᠠᠮ ᠬᠠᠷᠢᠯᠴᠠᠭᠠᠨ ᠤ ᠪᠠᠳᠤᠯᠠᠭ᠎ᠠ ᠶᠢ ᠵᠤᠬᠢᠶᠠᠨ ᠪᠠᠶᠢᠭᠤᠯᠵᠦ᠂ | ᠪᠦᠬᠦ ᠬᠤᠰᠢᠭᠤᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠵᠠᠮ ᠬᠠᠷᠢᠯᠴᠠᠭᠠᠨ ᠤ ᠠᠵᠢᠯ ᠢ ᠬᠢᠨᠠᠨ ᠵᠢᠯᠤᠭᠤᠳᠤᠨ᠎ᠠ᠃ | ᠶᠢᠰᠦ᠂ ᠣᠡᠭᠭᠤᠴᠡ᠂ ᠬᠦᠪᠪᠦᠮᠡᠯ ᠲᠦᠬᠦᠭᠡᠷᠦᠮᠵᠢ ᠶᠢᠨ ᠠᠶᠠᠯᠠᠯ᠂ ᠵᠤᠭᠰᠤᠭᠠᠯ᠂ ᠠᠵᠢᠯᠯᠠᠬᠤ ᠠᠮᠤᠷ ᠲᠦᠪᠰᠢᠨ ᠤ ᠪᠠᠶᠢᠳᠠᠯ ᠢ ᠬᠢᠨᠠᠨ ᠪᠠᠶᠢᠴᠠᠭᠠᠬᠤ ᠶᠢ | ᠬᠠᠷᠢᠭᠤᠴᠠᠵᠦ᠂ ᠠᠶᠠᠯᠠᠯ ᠤᠨ ᠡᠮᠬᠢ ᠲᠢᠭᠯᠢᠮ ᠢ ᠬᠠᠮᠠᠭᠠᠯᠠᠨ᠂ ᠤᠡᠭᠭᠤᠴᠠ᠂ ᠬᠦᠪᠪᠦᠮᠡᠯ ᠲᠦᠬᠦᠭᠡᠷᠦᠮᠵᠢ᠂ ᠠᠵᠢᠯᠳᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ | ᠰᠢᠢᠳᠪᠦᠷᠢᠯᠡᠨ᠎ᠡ᠃ ᠬᠠᠷᠢᠶᠠᠲᠤ ᠤᠷᠤᠨ ᠤ ᠤᠡᠭᠭᠤᠴᠡ ᠶᠢ ᠳᠠᠩᠰᠠᠯᠠᠬᠤ᠂ ᠪᠠᠶᠢᠴᠠᠭᠠᠬᠤ᠂ ᠠᠵᠢᠯᠳᠠᠨ ᠤ ᠰᠢᠯᠭᠠᠯᠳᠠ᠂ ᠦᠨᠡᠮᠯᠡᠯ ᠲᠠᠷᠬᠠᠭᠠᠬᠤ ᠶᠢᠨ ᠠᠩᠬᠠᠨ ᠤ | ᠬᠢᠨᠠᠯᠲᠠ ᠶᠢ ᠬᠠᠷᠢᠭᠤᠴᠠᠨ᠎ᠠ᠃ ᠬᠠᠷᠢᠶᠠᠲᠤ ᠤᠷᠤᠨ ᠤ ᠤᠡᠭᠭᠤᠴᠨ ᠳᠤ ᠠᠮᠤᠷ ᠲᠦᠪᠰᠢᠨ ᠤ ᠪᠠᠶᠢᠴᠠᠭᠠᠯᠳᠠ ᠪᠠ ᠲᠤᠬᠠᠢ ᠶᠢᠨ ᠲᠠᠯᠠᠪᠤᠷ ᠤᠨ ᠬᠢᠨᠠᠨ ᠬᠠᠮᠢᠶᠠᠷᠤᠯᠲᠠ | ᠬᠢᠬᠦ ᠶᠢ ᠬᠠᠷᠢᠭᠤᠴᠠᠨ᠎ᠠ᠃ ᠠᠶᠠᠯᠠᠯ ᠢ ᠬᠢᠵᠠᠭᠠᠷᠯᠠᠬᠤ ᠤᠷᠤᠨ᠂ ᠠᠶᠠᠯᠠᠯ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠤᠷᠤᠨ᠂ ᠤᠡᠭᠭᠤᠴᠡᠨ ᠵᠤᠭᠰᠤᠭᠠᠯ᠂ | ᠠᠮᠤᠷ ᠲᠦᠪᠰᠢᠨ ᠠᠵᠢᠯᠯᠠᠬᠤ ᠤᠷᠤᠨ᠂ ᠠᠵᠢᠯᠯᠠᠬᠤ ᠤᠷᠤᠨ ᠬᠡᠪᠴᠢᠶᠡᠨ ᠤ ᠲᠤᠬᠠᠢ ᠶᠢᠨ ᠲᠠᠯᠠᠪᠤᠷ ᠤᠨ ᠠᠶᠤᠯᠭᠦᠢ ᠶᠢᠨ ᠬᠢᠨᠠᠯᠲᠠ ᠪᠠ ᠡᠮᠬᠢ ᠲᠢᠭᠯᠢᠮ ᠤᠨ | ᠬᠠᠮᠢᠶᠠᠷᠤᠯᠲᠠ ᠶᠢ ᠬᠠᠷᠢᠭᠤᠴᠠᠨ᠎ᠠ᠃ ᠬᠠᠷᠢᠶᠠᠲᠤ ᠤᠷᠤᠨ ᠤ ᠤᠡᠭᠭᠤᠴᠠᠨ ᠤ ᠤᠰᠤᠨ ᠵᠠᠮ ᠤᠨ ᠲᠡᠭᠡᠭᠡᠪᠦᠷᠢ ᠶᠢᠨ ᠬᠢᠨᠠᠨ ᠬᠠᠮᠢᠶᠠᠷᠤᠯᠲᠠ᠂ ᠭᠠᠷᠠᠮ ᠤᠨ | ᠤᠡᠭᠭᠤᠴᠡ ᠳᠤ ᠬᠢᠨᠠᠯᠲᠠ ᠲᠠᠯᠪᠢᠬᠤ ᠡᠳᠦᠷ ᠲᠤᠳᠤᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠡᠭᠭᠤᠴᠡ ᠤᠰᠤᠨ ᠤ ᠤᠷᠤᠨ ᠢ ᠪᠤᠬᠢᠷᠳᠤᠭᠤᠯᠬᠤ ᠬᠢᠨᠠᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠠᠷᠪᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |