ᠠᠷᠤᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
     ᠨᠢᠭᠡ᠂ ᠡᠷᠬᠡ ᠶᠢᠨ ᠬᠡᠪᠴᠢᠶᠠᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠵᠠᠰᠠᠨ ᠰᠡᠷᠭᠦᠭᠡᠬᠦ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠵᠠᠰᠠᠨ ᠰᠡᠷᠭᠦᠭᠡᠬᠦ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ᠂ ᠪᠠᠷᠢᠮᠵᠢᠶ᠎ᠡ ᠶᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠬᠡ ᠶᠢᠨ ᠬᠡᠪᠴᠢᠶᠠᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠪᠠᠶᠢᠭᠤᠯᠬᠤ ᠰᠡᠷᠭᠦᠭᠡᠬᠦ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠦ᠂ ᠤᠢ ᠰᠢᠭᠤᠢ ᠪᠠ ᠲᠠᠯ᠎ᠠ ᠨᠤᠲᠤᠭ ᠤᠨ ᠭᠤᠤᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠪᠠᠶᠢᠭᠤᠯᠵᠦ ᠰᠡᠷᠭᠦᠭᠡᠬᠦ ᠢᠨᠵᠧᠨᠧᠷᠢᠩ ᠤᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠦᠵᠡᠮᠵᠢ ᠶᠢᠨ ᠨᠡᠷᠡᠲᠦ ᠤᠷᠤᠨ᠂ ᠪᠠᠶᠢᠭᠠᠯᠢ ᠶᠢᠨ ᠦᠪ ᠦᠯᠡᠳᠡᠭᠳᠡᠯ ᠪᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠦᠳᠡᠯᠦᠩᠭᠦᠢ ᠬᠢᠨᠠᠨ ᠬᠡᠮᠵᠢᠬᠦ ᠪᠠ ᠦᠨᠡᠯᠡᠬᠦ ᠶᠢ ᠵᠤᠬᠢᠶᠠᠨ ᠪᠠᠶᠢᠭᠤᠯᠵᠦ ᠦᠷᠨᠢᠭᠦᠯᠦᠨ᠎ᠡ᠃      ᠬᠤᠶᠠᠷ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠡᠪᠡᠰᠦ ᠲᠠᠷᠢᠬᠤ ᠨᠤᠭᠤᠭᠠᠷᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠤᠢ᠂ ᠲᠠᠸᠠᠷ ᠤᠨ ᠤᠢ ᠶᠢᠨ ᠪᠤᠶᠢᠵᠢᠭᠤᠯᠤᠨ ᠡᠵᠡᠩᠨᠡᠬᠦ ᠶᠢ ᠵᠢᠯᠤᠭᠤᠳᠴᠦ᠂ ᠪᠦᠬᠦ ᠠᠷᠠᠳ ᠤᠨ ᠠᠯᠪᠠᠨ ᠵᠢᠷᠦᠮ ᠤᠨ ᠡᠪᠡᠰᠦ ᠮᠤᠳᠤ ᠲᠠᠷᠢᠬᠤ᠂ ᠬᠤᠲᠠ ᠬᠦᠳᠡᠭᠡ ᠶᠢᠨ ᠨᠤᠭᠤᠭᠠᠷᠠᠭᠤᠯᠤᠯᠳᠠ ᠪᠠ ᠤᠢ ᠰᠢᠭᠤᠢ ᠶᠢᠨ ᠬᠤᠲᠠ ᠶᠢ ᠪᠦᠳᠦᠭᠡᠨ ᠪᠠᠶᠢᠭᠤᠯᠬᠤ ᠠᠵᠢᠯ ᠢ ᠵᠢᠯᠤᠭᠤᠳᠤᠨ ᠬᠢᠨᠠᠯᠲᠠ ᠲᠠᠯᠪᠢᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ᠂ ᠬᠢᠵᠢᠭ ᠢ ᠪᠠᠶᠢᠴᠠᠭᠠᠬᠤ ᠠᠵᠢᠯ ᠢ ᠵᠢᠯᠤᠭᠤᠳᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠴᠠᠭ ᠠᠭᠤᠷ ᠤᠨ ᠬᠤᠪᠢᠷᠠᠯᠳᠠ ᠶᠢ ᠠᠷᠭᠠᠴᠠᠭᠠᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ ᠤᠷᠭᠤᠮᠠᠯ ᠬᠡᠷᠡᠯ ᠤᠨ ᠨᠡᠶᠢᠯᠡᠯᠭᠡ ᠶᠢᠨ ᠦᠢᠯᠡᠳᠤᠯ ᠢᠶᠠᠷ ᠠᠭᠠᠷ ᠮᠠᠨᠳᠠᠯ ᠲᠤᠳᠤᠷᠠᠬᠢ ᠨᠡᠭᠦᠷᠡᠰᠦᠲᠦ᠋ᠷᠦᠭᠴᠢ ᠶᠢᠨ ᠲᠠᠪᠬᠤᠷ ᠢᠰᠤᠯ ᠢ ᠰᠢᠩᠭᠡᠭᠡᠨ ᠠᠪᠬᠤ ᠶᠢᠨ ᠬᠠᠮᠳᠤ ᠤᠷᠭᠤᠮᠠᠯ ᠤᠨ ᠬᠤᠴᠢᠯᠭ᠎ᠠ ᠪᠠ ᠬᠦᠷᠤᠰᠤ ᠰᠢᠷᠤᠢ ᠶᠢᠨ ᠲᠤᠮᠳᠠ ᠲᠤᠭᠳᠠᠪᠤᠷᠢᠵᠢᠭᠤᠯᠵᠦ᠂ ᠡᠬᠦᠨ ᠠᠴᠠ ᠠᠭᠠᠷ ᠮᠠᠨᠳᠠᠯ ᠤᠨ ᠲᠤᠳᠤᠷᠠᠬᠢ ᠨᠡᠭᠦᠷᠡᠰᠦᠲᠦ᠋ᠷᠦᠭᠴᠢ ᠶᠢᠨ ᠲᠠᠪᠬᠤᠷ ᠢᠰᠤᠯ ᠤᠨ ᠦᠤᠨᠬᠡᠴᠡ ᠶᠢᠨ ᠬᠡᠮᠵᠢᠶ᠎ᠡ ᠶᠢ ᠪᠠᠭᠠᠰᠬᠠᠬᠤ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠭᠤᠷᠪᠠ᠂ ᠡᠷᠬᠡ ᠶᠢᠨ ᠬᠡᠪᠴᠢᠶᠡᠨ ᠳᠠᠬᠢ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠶᠢᠲᠦ ᠭᠠᠵᠠᠷ ᠢ ᠬᠠᠮᠠᠭᠠᠯᠠᠨ ᠠᠰᠢᠭᠯᠠᠬᠤ ᠲᠦᠯᠦᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢ ᠬᠤᠪᠢᠶᠠᠷᠢᠯᠠᠨ ᠲᠤᠭᠳᠠᠭᠠᠬᠤ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠴᠦ᠂ ᠤᠢ ᠰᠢᠭᠤᠢ ᠶᠢᠨ ᠡᠬᠢ ᠪᠠᠶᠠᠯᠢᠭ ᠢ ᠬᠠᠮᠢᠶᠠᠷᠬᠤ ᠪᠠ ᠤᠢ ᠰᠢᠭᠤᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠲᠡᠭ ᠢ ᠦᠨᠡᠯᠡᠬᠦ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶᠡᠨ ᠳᠤ ᠤᠢ ᠰᠢᠭᠤᠢ ᠶᠢᠨ ᠤᠭᠳᠤᠯᠬᠤ ᠬᠢᠵᠠᠭᠠᠷᠯᠠᠯ ᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠮᠤᠳᠤᠨ ᠮᠠᠲ᠋ᠧᠷᠢᠶᠠᠯ ᠢ ᠵᠦᠭᠡᠭᠡᠪᠦᠷᠢᠯᠡᠬᠦ ᠦᠨᠡᠮᠯᠡᠯ ᠢ ᠬᠠᠮᠢᠶᠠᠷᠬᠤ ᠪᠠ ᠲᠠᠷᠬᠠᠭᠠᠬᠤ ᠶᠢ ᠬᠠᠷᠢᠭᠤᠴᠠᠵᠦ᠂ ᠤᠢ ᠰᠢᠭᠤᠢ ᠶᠢᠨ ᠶᠠᠪᠤᠳᠠᠯ ᠤᠨ ᠭᠠᠯ ᠢ ᠰᠡᠷᠭᠡᠶᠢᠯᠡᠬᠦ ᠪᠠᠶᠢᠴᠠᠭᠠᠯᠳᠠ ᠶᠢᠨ ᠦᠷᠳᠡᠭᠡ ᠶᠢᠨ ᠠᠵᠢᠯ ᠢ ᠵᠢᠯᠤᠭᠤᠳᠤᠨ᠎ᠠ᠃ ᠤᠢ ᠰᠢᠭᠤᠢ ᠶᠢᠨ ᠲᠠᠭᠠᠳᠬᠠᠯ᠂ ᠡᠬᠢ ᠪᠠᠶᠠᠯᠢᠭ ᠢ ᠪᠤᠶᠢᠵᠢᠭᠤᠯᠬᠤ ᠵᠡᠷᠭᠡ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠬᠤ ᠶᠢ ᠵᠤᠭᠰᠤᠭᠠᠨ ᠡᠪᠡᠰᠦ ᠮᠤᠳᠤ ᠶᠢ ᠰᠡᠷᠭᠦᠭᠡᠬᠦ ᠬᠠᠮᠢᠶᠠᠷᠤᠯᠲᠠ ᠶᠢ ᠬᠠᠷᠢᠭᠤᠴᠠᠬᠤ᠂ ᠨᠤᠲᠤᠭ ᠪᠡᠯᠴᠢᠭᠡᠷ ᠤᠨ ᠮᠠᠯᠵᠢᠬᠤ ᠶᠢ ᠴᠠᠭᠠᠵᠠᠯᠠᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠬᠠᠷᠢᠭᠤᠴᠠᠨ᠂ ᠲᠠᠯ᠎ᠠ ᠨᠤᠲᠤᠭ ᠤᠨ ᠨᠡᠭᠡᠭᠡᠨ ᠬᠦᠭᠵᠢᠬᠦᠯᠬᠦ ᠠᠰᠢᠭᠯᠠᠬᠤ ᠶᠢ ᠬᠢᠨᠠᠨ ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠬᠠᠷᠢᠭᠤᠴᠠᠵᠦ᠂ ᠨᠤᠭᠤ ᠭᠠᠵᠠᠷ ᠢ ᠨᠡᠭᠡᠭᠡᠨ ᠬᠦᠭᠵᠢᠭᠦᠯᠦᠨ ᠠᠰᠢᠭᠯᠠᠬᠤ ᠶᠢ ᠬᠢᠨᠠᠨ ᠬᠠᠮᠢᠶᠠᠷᠤᠨ᠎ᠠ᠃      ᠲᠦᠷᠪᠡ᠂ ᠡᠷᠬᠡ ᠶᠢᠨ ᠬᠡᠪᠴᠢᠶᠡᠨ ᠳᠠᠬᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠡᠯᠡᠰᠦᠷᠬᠡᠭᠵᠢᠯ ᠢ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠡᠯᠡᠰᠦᠷᠬᠡᠭᠵᠢᠭᠰᠡᠨ ᠭᠠᠵᠠᠷ ᠢ ᠪᠢᠳᠡᠭᠦᠮᠵᠢᠯᠡᠨ ᠬᠠᠮᠠᠭᠠᠯᠠᠬᠤ ᠤᠷᠤᠨ ᠢ ᠪᠦᠳᠦᠭᠡᠨ ᠪᠠᠶᠢᠭᠤᠯᠬᠤ ᠲᠦᠯᠦᠪᠵᠢᠭᠦᠯᠭᠡ ᠶᠢ ᠭᠡᠷᠡᠭᠵᠢᠭᠦᠯᠬᠦ ᠲᠦᠰᠦᠯ ᠢ ᠵᠤᠬᠢᠶᠠᠨ ᠪᠠᠶᠢᠭᠤᠯᠤᠨ ᠲᠤᠭᠤᠷᠪᠢᠵᠦ᠂ ᠡᠯᠡᠰᠦᠷᠬᠡᠭᠵᠢᠯ ᠪᠠ ᠡᠯᠡᠰᠦᠷᠬᠡᠭᠵᠢᠭᠰᠡᠨ ᠭᠠᠵᠠᠷ ᠢ ᠨᠡᠭᠡᠭᠡᠨ ᠠᠰᠢᠭᠯᠠᠬᠤ ᠶᠢ ᠬᠢᠨᠠᠨ ᠬᠠᠮᠢᠶᠠᠷᠴᠦ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠬᠡᠮᠵᠢᠬᠦ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ᠃      ᠲᠠᠪᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠰᠤᠷᠪᠤᠯᠵᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠰᠤᠷᠪᠤᠯᠵᠢ ᠶᠢ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠢ ᠠᠪᠤᠷᠠᠨ ᠬᠠᠮᠠᠭᠠᠯᠠᠵᠦ ᠦᠷᠡᠵᠢᠭᠦᠯᠬᠦ᠂ ᠤᠷᠤᠰᠢᠨ ᠠᠮᠢᠳᠤᠷᠠᠬᠤ ᠭᠠᠵᠠᠷ ᠢ ᠰᠡᠷᠭᠦᠭᠡᠨ ᠬᠦᠭᠵᠢᠭᠦᠯᠬᠦ᠂ ᠬᠢᠵᠢᠭ ᠤᠨ ᠡᠬᠢ ᠬᠢᠵᠢᠭ ᠡᠪᠡᠳᠴᠢᠨ ᠬᠢᠨᠠᠨ ᠬᠡᠮᠵᠢᠬᠦ ᠶᠢ ᠵᠢᠯᠤᠭᠤᠳᠴᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠳᠠᠨ ᠤᠷᠭᠤᠮᠠᠯ ᠢ ᠠᠪᠠᠯᠠᠬᠤ ᠪᠠ ᠲᠡᠬᠦᠵᠦ ᠴᠤᠭᠯᠠᠭᠤᠯᠬᠤ᠂ ᠲᠠᠰᠬᠠᠨ ᠲᠡᠵᠢᠭᠡᠵᠦ ᠦᠷᠡᠵᠢᠭᠦᠯᠬᠦ ᠪᠤᠶᠤ ᠲᠠᠷᠢᠬᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃        ᠵᠢᠷᠭᠤᠭ᠎ᠠ᠂ ᠡᠷᠬᠡ ᠶᠢᠨ ᠬᠡᠪᠴᠢᠶᠡᠨ ᠳᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠢ ᠬᠢᠨᠠᠨ ᠬᠠᠮᠢᠶᠠᠷᠤᠨ᠎ᠠ᠃ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠲᠦᠯᠦᠪᠵᠢᠭᠦᠯᠭᠡ ᠶᠢ ᠲᠤᠭᠤᠷᠪᠢᠵᠦ᠂ ᠡᠯ᠎ᠡ ᠲᠦᠷᠦᠯ ᠤᠨ ᠤᠯᠤᠰ ᠤᠨ ᠲᠡᠰ᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠪᠠᠶᠢᠭᠠᠯᠢ ᠶᠢᠨ ᠡᠬᠢ ᠰᠤᠷᠪᠤᠯᠵᠢ ᠶᠢᠨ ᠬᠦᠷᠦᠩᠬᠡ ᠶᠢᠨ ᠬᠠᠮᠢᠶᠠᠷᠤᠯᠳᠠ ᠶᠢ ᠬᠠᠷᠢᠭᠤᠴᠠᠵᠦ᠂ ᠠᠮᠢᠳᠠᠨ ᠤᠷᠭᠤᠮᠠᠯ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃      ᠲᠤᠯᠤᠭ᠎ᠠ᠂ ᠡᠷᠬᠡ ᠶᠢᠨ ᠬᠡᠪᠴᠢᠶᠡᠨ ᠳᠤ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠪᠠ ᠴᠢᠬᠢ ᠮᠤᠳᠤ ᠲᠠᠷᠢᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠪᠠ ᠬᠦᠭᠵᠢᠯᠲᠡ ᠶᠢ ᠵᠢᠯᠤᠭᠤᠳᠴᠦ᠂ ᠤᠢ ᠰᠢᠭᠤᠢ ᠶᠢᠨ ᠦᠷ᠎ᠡ ᠮᠤᠳᠤ ᠪᠠ ᠡᠪᠡᠰᠦᠨ ᠤ ᠲᠦᠷᠦᠯ ᠤᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ᠂ ᠡᠪᠡᠰᠦ ᠮᠤᠲᠤᠨ ᠤ ᠦᠷ᠎ᠡ ᠡᠳ᠋ ᠤᠨ ᠡᠬᠢ ᠪᠠᠶᠠᠯᠢᠭ ᠤᠨ ᠬᠦᠮᠦᠷᠭᠡ ᠶᠢ ᠵᠤᠬᠢᠶᠠᠨ ᠪᠠᠶᠢᠭᠤᠯᠵᠦ᠂ ᠰᠢᠯᠢᠳᠡᠭ ᠡᠭᠦᠯᠳᠡᠷ ᠢ ᠰᠤᠩᠭᠤᠨ ᠪᠤᠶᠢᠵᠢᠭᠤᠯᠬᠤ ᠶᠢ ᠲᠡᠯᠭᠡᠷᠡᠭᠦᠯᠬᠦ ᠶᠢ ᠬᠠᠷᠢᠭᠤᠴᠠᠵᠦ᠂ ᠤᠢ ᠮᠤᠳᠤᠨ ᠤ ᠴᠢᠬᠢ ᠪᠤᠶᠢᠵᠢᠭᠤᠯᠬᠤ᠂ ᠡᠪᠡᠰᠦᠨ ᠤ ᠲᠦᠷᠦᠯ ᠤᠨ ᠶᠠᠰᠤ ᠴᠢᠨᠠᠷ ᠢ ᠬᠠᠮᠢᠶᠠᠷᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠤᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠲᠦᠷᠦᠯ ᠢ ᠬᠠᠮᠠᠭᠠᠯᠠᠬᠤ ᠶᠢ ᠬᠢᠨᠠᠨ ᠬᠠᠮᠢᠶᠠᠷᠤᠨ᠎ᠠ᠃ ᠤᠢ ᠰᠢᠭᠤᠢ ᠶᠢᠨ ᠠᠵᠦ ᠦᠢᠯᠡᠰᠵᠢᠯᠲᠡ ᠶᠢᠨ ᠲᠦᠷᠦᠯ ᠵᠦᠢᠯ ᠪᠠ ᠲᠤᠯᠤᠭᠠᠶᠢᠯᠠᠭᠴᠢ ᠠᠵᠦ ᠠᠬᠤᠶᠢᠯᠠᠯ ᠤᠨ ᠬᠢᠨᠠᠨ ᠰᠢᠯᠭᠠᠬᠤ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ᠃      ᠨᠠᠢᠮᠠ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠦ ᠦᠢᠯᠡᠰ ᠢ ᠬᠠᠮᠢᠶᠠᠷᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠮᠤᠳᠤᠨ ᠮᠠᠲ᠋ᠧᠷᠢᠶᠠᠯ ᠢ ᠠᠰᠢᠭᠯᠠᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠤ᠂ ᠬᠤᠯᠪᠤᠭᠳᠠᠯ ᠪᠦᠬᠦᠢ ᠤᠢ ᠰᠢᠭᠤᠢ ᠨᠤᠲᠤᠭ ᠪᠡᠯᠴᠢᠭᠡᠷ ᠤᠨ ᠠᠵᠦ ᠦᠢᠯᠡᠰ ᠤᠨ ᠪᠠᠷᠢᠮᠵᠢᠶ᠎ᠠ ᠶᠢ ᠲᠤᠭᠤᠷᠪᠢᠨ ᠲᠤᠭᠳᠠᠭᠠᠬᠤ ᠶᠢᠨ ᠬᠠᠮᠲᠦ ᠬᠢᠨᠠᠨ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ  ᠤᠨ ᠪᠦᠳᠦᠭᠡᠭᠳᠡᠭᠦᠨ ᠤ ᠶᠠᠰᠤ ᠴᠢᠨᠠᠷ ᠤᠨ ᠬᠢᠨᠠᠯᠳᠠ ᠶᠢ ᠵᠤᠬᠢᠶᠠᠨ ᠪᠠᠶᠢᠭᠤᠯᠤᠨ ᠵᠢᠯᠤᠭᠤᠳᠴᠦ᠂ ᠠᠮᠢ ᠠᠬᠤᠢ ᠪᠠᠷ ᠶᠠᠳᠠᠭᠤ ᠶᠢ ᠲᠡᠳᠬᠦᠬᠦ ᠬᠤᠯᠪᠤᠭᠳᠠᠯ ᠪᠦᠬᠦᠢ ᠠᠵᠢᠯ ᠢ ᠵᠢᠯᠤᠭᠤᠳᠤᠨ᠎ᠠ᠃      ᠶᠢᠰᠦ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠳᠤ ᠬᠠᠷᠢᠶᠠᠯᠠᠭᠳᠠᠬᠤ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠦᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠨ ᠲᠤᠭᠤᠷᠢᠨ ᠬᠠᠮᠠᠭᠠᠯᠠᠬᠤ᠂ ᠭᠠᠯ ᠤᠨ ᠡᠬᠢ ᠶᠢ ᠬᠠᠮᠢᠶᠠᠷᠬᠤ᠂ ᠭᠠᠯ ᠰᠡᠷᠭᠡᠶᠢᠯᠡᠬᠦ ᠲᠤᠨᠤᠭ ᠲᠦᠬᠦᠭᠡᠷᠦᠮᠵᠢ᠂ ᠭᠠᠯ ᠢ ᠲᠦᠷᠭᠡᠨ ᠤᠨᠳᠠᠷᠠᠭᠠᠬᠤ ᠪᠦᠳᠦᠭᠡᠨ ᠪᠢᠠᠭᠤᠯᠤᠯᠳᠠ ᠵᠡᠷᠭᠡ ᠶᠢ ᠵᠢᠯᠤᠭᠤᠳᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠦᠮᠦᠵᠢᠯ᠂ ᠬᠢᠨᠠᠨ ᠬᠡᠮᠵᠢᠬᠦ ᠰᠡᠷᠡᠮᠵᠢᠯᠡᠭᠦᠯᠬᠦ᠂ ᠱᠠᠭᠠᠷᠳᠠᠨ ᠪᠠᠶᠢᠴᠠᠭᠠᠬᠤ ᠵᠡᠷᠭᠡ ᠠᠵᠢᠯ ᠢ ᠦᠷᠨᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ ᠵᠦᠪᠰᠢᠶᠡᠷᠡᠯ ᠢᠶᠠᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠤᠯᠪᠤᠭᠳᠠᠯ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃      ᠠᠷᠪᠠ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠤᠨ᠎ᠠ᠃      ᠠᠷᠪᠠᠨ ᠨᠢᠭᠡ᠂ ᠡᠷᠬᠡ ᠶᠢᠨ ᠬᠡᠪᠴᠢᠶᠡᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠦᠭᠡᠷᠡᠴᠢᠯᠡᠯᠲᠡ ᠶᠢᠨ ᠬᠤᠯᠪᠤᠭᠳᠠᠯ ᠪᠦᠬᠦᠢ ᠠᠵᠢᠯ ᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠤᠢ ᠰᠢᠭᠤᠢ ᠶᠢᠨ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠢ ᠲᠤᠭᠤᠷᠪᠢᠨ ᠲᠤᠭᠳᠠᠭᠠᠵᠤ᠂ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠦᠭᠡᠷᠡᠴᠢᠯᠡᠯᠲᠡ ᠶᠢᠨ ᠰᠠᠨᠠᠯ ᠢ ᠲᠤᠭᠤᠷᠪᠢᠬᠤ ᠡᠭᠦᠨ ᠤ ᠬᠠᠮᠲᠤ ᠬᠢᠨᠠᠯᠳᠠ ᠲᠠᠯᠪᠢᠨ ᠬᠡᠷᠡᠭᠵᠢᠭᠦᠯᠦᠨ᠎ᠡ᠃ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠬᠦᠭᠵᠢᠯᠲᠡ᠂ ᠤᠢ ᠰᠢᠭᠤᠢ ᠪᠠ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠤᠷᠪᠢᠨ ᠲᠤᠭᠳᠠᠭᠠᠵᠤ᠂ ᠤᠶᠢᠲᠦ ᠭᠠᠵᠠᠷ ᠪᠠ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠠᠵᠢᠯ ᠢ ᠵᠢᠯᠤᠭᠤᠳᠤᠨ ᠬᠢᠨᠠᠯᠲᠠ ᠲᠠᠯᠪᠢᠨ᠎ᠠ᠃ ᠲᠠᠷᠢᠶᠠᠯᠠᠬᠤ ᠶᠢ ᠵᠤᠭᠰᠤᠭᠠᠨ ᠮᠠᠯᠵᠢᠬᠤ ᠶᠢ ᠵᠤᠭᠰᠤᠭᠠᠬᠤ ᠤᠢ ᠮᠤᠳᠤ ᠶᠢ ᠰᠡᠷᠭᠦᠭᠡᠬᠦ ᠪᠠ ᠪᠠᠶᠢᠭᠠᠯᠢ ᠶᠢᠨ ᠤᠢ ᠶᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ᠠᠷᠪᠠᠨ ᠬᠤᠶᠠᠷ᠂ ᠡᠷᠬᠡ ᠶᠢᠨ ᠬᠡᠪᠴᠢᠶᠡᠨ ᠳᠠᠬᠢ ᠡᠳ᠋ ᠤᠨ ᠶᠠᠪᠤᠳᠠᠯ ᠤᠨ ᠠᠵᠢᠯ ᠢ ᠲᠦᠯᠦᠪᠯᠡᠬᠦ ᠶᠢ ᠬᠠᠷᠢᠭᠤᠴᠠᠨ᠎ᠠ᠃ ᠰᠠᠯᠠᠭ᠎ᠠ ᠮᠦᠴᠢᠷ ᠤᠨ ᠲᠦᠰᠦᠪ ᠢ ᠲᠤᠷᠠᠳᠤᠨ ᠡᠭᠦᠨ ᠤ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠦᠩᠬᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠬᠢᠨᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠦᠮᠴᠢᠯᠡᠯᠲᠦ ᠬᠦᠷᠦᠩᠬᠡ ᠶᠢ ᠬᠢᠨᠠᠨ ᠬᠠᠮᠢᠶᠠᠷᠴᠦ᠂ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠲᠤᠭᠳᠠᠭᠠᠯ ᠶᠤᠰᠤᠭᠠᠷ ᠵᠤᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠠᠵᠦ ᠠᠬᠤᠢ ᠶᠢ ᠲᠤᠬᠢᠷᠠᠭᠤᠯᠬᠤ ᠪᠠ ᠪᠡᠯᠡ ᠤᠷᠤᠭᠤᠯᠤᠯᠳᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠳᠤ ᠤᠷᠤᠯᠴᠠᠨ᠂ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠤᠨ ᠤ ᠭᠠᠷᠤᠯᠳᠠ ᠶᠢᠨ ᠲᠦᠯᠦᠪᠯᠡᠭᠡ ᠶᠢ ᠨᠠᠶᠢᠷᠠᠭᠤᠯᠤᠨ᠎ᠠ᠃      ᠠᠷᠪᠠᠨ ᠭᠤᠷᠪᠠ᠂ ᠤᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠭᠡ ᠮᠡᠷᠭᠡᠵᠢᠯ᠂ ᠤᠬᠠᠭᠤᠯᠭ᠎ᠠ ᠬᠦᠮᠦᠵᠢᠯ ᠪᠠ ᠭᠠᠳᠠᠭᠠᠳᠤ ᠬᠠᠷᠢᠯᠴᠠᠭ᠎ᠠ ᠪᠤᠯᠤᠨ ᠬᠤᠷᠰᠢᠯᠴᠠᠭᠠᠨ ᠤ ᠠᠵᠢᠯ ᠢ ᠵᠢᠯᠤᠭᠤᠳᠤᠨ ᠡᠭᠦᠨ ᠤ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠤᠨ᠎ᠠ᠃ ᠨᠤᠭᠤ ᠭᠠᠵᠠᠷ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠤᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠵᠡᠷᠭᠡ ᠲᠡᠯᠡᠭᠡᠢ ᠶᠢᠨ ᠨᠡᠶᠢᠲᠡ ᠶᠢᠨ ᠭᠡᠷ᠎ᠡ ᠶᠢ ᠭᠦᠢᠴᠡᠳᠭᠡᠬᠦ ᠠᠵᠢᠯ ᠢ ᠡᠭᠦᠷᠭᠡᠯᠡᠨ᠎ᠡ᠃      ᠠᠷᠪᠠᠨ ᠲᠦᠷᠪᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠷᠪᠠᠨ ᠲᠠᠪᠤ᠂ ᠡᠭᠦᠷᠬᠡ ᠴᠢᠳᠠᠪᠬᠢ ᠶᠢᠨ ᠬᠤᠪᠢᠷᠠᠯᠳ᠋ᠨ᠃ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ ᠦᠨᠡᠨᠬᠦ ᠨᠡᠮᠡᠭᠳᠡᠭᠦᠯᠦᠨ᠂ ᠭᠤᠤᠯᠳᠠᠯᠭ᠎ᠠ ᠲᠠᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠨ ᠬᠠᠮᠢᠶᠠᠷᠤᠯᠲᠠ ᠶᠢ ᠨᠢᠭᠡᠳᠦᠯᠳᠠᠢ ᠲᠦᠯᠦᠪᠯᠡᠨ ᠵᠤᠬᠢᠴᠠᠭᠤᠯᠬᠤ ᠪᠠᠨ ᠴᠢᠩᠭᠠᠳᠬᠠᠵᠦ᠂ ᠤᠯᠣᠰ ᠤᠨ ᠨᠤᠲᠤᠭ ᠲᠡᠪᠢᠰᠭᠡᠷ ᠤᠨ ᠨᠤᠭᠤᠭᠠᠷᠠᠭᠤᠯᠤᠯᠳᠠ ᠶᠢ ᠶᠡᠬᠡᠪᠡᠷ ᠲᠦᠯᠬᠢᠨ ᠠᠬᠢᠭᠤᠯᠵᠦ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ ᠲᠤᠭᠳᠠᠯᠴᠠᠭ᠎ᠠ ᠶᠢ ᠲᠦᠷᠭᠡᠳᠭᠡᠨ ᠪᠠᠶᠢᠭᠤᠯᠵᠦ᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠢ ᠴᠡᠪᠡᠷᠯᠡᠨ ᠲᠦᠷᠢᠮᠵᠢᠭᠦᠯᠬᠦ ᠪᠠ ᠨᠢᠭᠡᠳᠦᠭᠦᠯᠬᠦ ᠶᠢ ᠨᠢᠭᠡᠳᠦᠯᠳᠠᠢ ᠲᠦᠯᠬᠢᠨ ᠠᠬᠢᠭᠤᠯᠤᠨ᠎ᠠ᠃
ᠢᠷᠡᠯᠲᠡ᠄ ᠲᠣᠲᠣᠷᠬᠠᠢ ᠦᠭᠡᠢ