ᠠᠷᠤᠨ ᠬᠤᠰᠢᠭᠤᠨ ᠤ ᠬᠢᠨᠠᠨ ᠪᠤᠳᠤᠬᠤ ᠲᠤᠪᠴᠢᠶᠠᠨ ᠤ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
     ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠬᠢᠨᠠᠨ ᠪᠤᠳᠤᠬᠤ ᠠᠵᠢᠯ ᠤᠨ ᠲᠤᠬᠠᠢ ᠬᠠᠤᠯᠢ ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠲᠤᠰᠬᠠᠢ ᠠᠵᠢᠯ ᠤᠨ ᠤᠷᠤᠨ ᠬᠡᠪᠴᠢᠶᠡᠨ ᠤ ᠬᠢᠨᠠᠨ ᠪᠤᠳᠤᠬᠤ ᠠᠵᠢᠯ ᠤᠨ ᠲᠦᠯᠤᠪᠵᠢᠬᠦᠯᠬᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠦᠨ᠎ᠡ᠃ ᠰᠢᠭᠤᠤᠨ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠤᠰᠤᠭᠠᠷ ᠬᠢᠨᠠᠨ ᠪᠤᠳᠤᠬᠤ ᠦᠨᠡᠯᠡᠯᠳᠡ ᠬᠢᠵᠦ᠂ ᠬᠢᠨᠠᠨ ᠪᠤᠳᠤᠬᠤ ᠰᠢᠢᠤᠨᠪᠤᠷᠢ ᠪᠤᠶᠤ ᠬᠢᠨᠠᠨ ᠪᠤᠳᠤᠯᠲᠠ ᠶᠢᠨ ᠰᠠᠨᠠᠭᠤᠯᠭ᠎ᠠ ᠲᠤᠷᠠᠳᠤᠨ ᠭᠠᠷᠭᠠᠨ᠎ᠠ᠃      ᠬᠤᠶᠡᠷ᠂ ᠪᠦᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠪᠦᠬᠦ ᠬᠤᠰᠢᠭᠤᠨ ᠤ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠪᠠ ᠬᠠᠤᠯᠢ ᠴᠠᠭᠠᠵᠨ ᠬᠠᠤᠯᠢ ᠲᠦᠷᠢᠮ ᠤᠨ ᠲᠤᠭᠳᠠᠭᠠᠯ ᠳᠤ ᠬᠠᠷᠢᠶᠠᠯᠠᠭᠳᠠᠬᠤ ᠬᠢᠨᠠᠨ ᠪᠤᠳᠤᠵᠦ ᠬᠢᠨᠠᠯᠳᠠ ᠲᠠᠯᠪᠢᠬᠤ ᠬᠦᠷᠢᠶ᠎ᠡ ᠬᠡᠪᠴᠢᠶᠡᠨ ᠤ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢᠨ ᠦᠨᠡᠨ ᠪᠤᠳᠠᠳᠠᠢ᠂ ᠬᠠᠤᠯᠢ ᠳᠤ ᠨᠡᠶᠢᠴᠡᠬᠦ ᠪᠠ ᠦᠷ᠎ᠠ ᠠᠰᠢᠭ ᠤᠨ ᠬᠢᠨᠠᠨ ᠪᠤᠳᠤᠵᠦ ᠬᠢᠨᠠᠯᠲᠡ ᠲᠠᠯᠪᠢᠬᠤ ᠠᠵᠢᠯ ᠢ ᠬᠠᠷᠢᠭᠤᠴᠠᠵᠦ᠂ ᠤᠯᠠᠨ ᠨᠡᠶᠢᠲᠡ ᠶᠢᠨ ᠪᠡᠯᠡ ᠮᠦᠩᠬᠦ᠂ ᠤᠯᠤᠰ ᠤᠨ ᠦᠮᠴᠢᠯᠠᠯᠳᠤ ᠡᠳ᠋ ᠬᠦᠷᠤᠩᠭᠡ᠂ ᠤᠯᠤᠰ ᠤᠨ ᠦᠮᠴᠢᠯᠠᠯᠳᠤ ᠡᠬᠢ ᠪᠠᠶᠠᠯᠢᠭ ᠵᠡᠷᠭᠡ ᠬᠢᠨᠠᠨ ᠪᠤᠳᠤᠬᠤ ᠶᠢᠨ ᠪᠦᠬᠦᠨ ᠢ ᠬᠠᠮᠤᠷᠬᠤ ᠠᠵᠢᠯ ᠢ ᠬᠠᠷᠢᠭᠤᠴᠠᠵᠦ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠵᠢᠴᠢ ᠬᠤᠰᠢᠭᠤᠨ ᠤ ᠲᠤᠰ ᠱᠠᠳᠤᠨ ᠤ ᠬᠠᠮᠢᠶ᠎ᠠ ᠪᠦᠬᠦᠢ ᠴᠢᠬᠤᠯᠡ ᠶᠡᠭᠡ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠦᠷᠳᠡᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠢᠨᠠᠨ ᠪᠤᠳᠤᠬᠤ᠂ ᠲᠤᠰᠬᠠᠢ ᠲᠦᠷᠤᠯ ᠤᠨ ᠬᠢᠨᠠᠨ ᠪᠤᠳᠤᠯᠳᠠ ᠶᠢᠨ ᠪᠠᠶᠢᠴᠠᠭᠠᠯᠳᠠ ᠪᠠ ᠬᠠᠷᠭᠤᠭᠤᠯᠤᠨ ᠪᠠᠶᠢᠴᠠᠭᠠᠬᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠤᠯᠪᠤᠭᠳᠠᠯ ᠪᠦᠬᠦᠢ ᠬᠢᠨᠠᠨ ᠪᠤᠳᠤᠬᠤ ᠮᠡᠳᠡᠬᠦᠯᠤᠯᠳᠡ ᠶᠢᠨ ᠦᠷ᠎ᠠ ᠳ᠋ᠦᠩ ᠳᠤ ᠬᠠᠷᠢᠭᠤᠴᠠᠵᠤ᠂ ᠬᠢᠨᠠᠨ ᠪᠤᠳᠤᠯᠳᠠ ᠶᠢ ᠬᠦᠯᠢᠶᠡᠭᠰᠡᠨ ᠪᠠᠶᠢᠭᠤᠯᠤᠯᠭ᠎ᠠ ᠶᠢᠨ ᠠᠰᠠᠭᠤᠳᠠᠯ ᠤᠨ ᠬᠠᠯᠠᠨ ᠰᠠᠶᠢᠵᠢᠷᠠᠭᠤᠯᠬᠤ ᠶᠢ ᠱᠠᠭᠠᠷᠳᠠᠨ᠎ᠠ᠃       ᠭᠤᠷᠪᠠ᠂ ᠬᠢᠨᠠᠨ ᠪᠤᠳᠤᠯᠲᠠ ᠶᠢᠨ ᠮᠡᠳᠡᠬᠦᠯᠤᠯᠳᠡ ᠬᠢᠬᠦ ᠶᠢ ᠲᠤᠷᠠᠤᠨᠬᠤ ᠪᠠ ᠬᠢᠨᠠᠨ ᠪᠤᠳᠤᠯᠳᠠ ᠶᠢᠨ ᠦᠷ᠎ᠠ ᠳ᠋ᠦᠩ ᠢ ᠨᠡᠶᠢᠳᠡᠯᠡᠬᠦ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠡᠨ ᠤ ᠬᠢᠨᠠᠨ ᠪᠤᠳᠤᠬᠤ ᠵᠦᠪᠯᠠᠯ ᠳᠤ᠂ ᠬᠤᠰᠢᠭᠤ ᠵᠠᠰᠠᠭ ᠤᠨ ᠤᠷᠳᠤᠨ ᠳᠤ ᠤᠨ ᠤ ᠬᠤᠰᠢᠭᠤᠨ ᠤ ᠲᠡᠰ ᠤᠨ ᠲᠦᠰᠤᠪ ᠤᠨ ᠬᠡᠷᠩᠵᠢᠬᠦᠯᠤᠯᠳᠡ ᠪᠠ ᠪᠤᠰᠤᠤᠨ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠬᠤ ᠮᠡᠳᠡᠬᠦᠯᠤᠯᠳᠡ ᠬᠢᠨ᠎ᠡ᠃ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠤᠰᠢᠭᠤᠨ ᠤ ᠠᠷᠠᠤᠨ ᠤᠨ ᠲᠦᠯᠤᠭᠡᠯᠡᠭᠴᠢᠤᠨ ᠤ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠤᠰᠢᠭᠤᠨ ᠤ ᠲᠡᠰ ᠤᠨ ᠲᠦᠰᠤᠪ ᠤᠨ ᠬᠡᠷᠩᠵᠢᠬᠦᠯᠤᠯᠳᠡ ᠪᠠ ᠪᠤᠰᠤᠤᠨ ᠡᠳ᠋ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠬᠤ ᠠᠵᠢᠯ ᠤᠨ ᠮᠡᠳᠡᠬᠦᠯᠤᠯᠳᠡ᠂ ᠬᠢᠨᠠᠨ ᠪᠤᠳᠤᠵᠦ ᠪᠠᠶᠢᠴᠠᠭᠠᠨ ᠭᠠᠷᠭᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠬᠦᠯᠤᠯᠳᠡ ᠬᠢᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠪᠤᠰᠤᠤᠨ ᠵᠦᠢᠯ ᠤᠨ ᠬᠢᠨᠠᠨ ᠪᠤᠳᠤᠯᠲᠡ ᠪᠠ ᠲᠤᠰᠬᠠᠢ ᠲᠦᠷᠤᠯ ᠤᠨ ᠪᠤᠳᠤᠯᠲᠠ ᠶᠢᠨ ᠪᠠᠶᠢᠴᠠᠭᠠᠯᠳᠠ ᠪᠠᠶᠢᠳᠠᠯ ᠵᠢᠴᠢ ᠦᠷ᠎ᠠ ᠳ᠋ᠦᠩ ᠢ ᠮᠡᠳᠡᠬᠦᠯᠤᠨ᠎ᠡ᠃ ᠬᠠᠤᠯᠢ ᠶᠤᠰᠤᠭᠠᠷ ᠨᠡᠶᠢᠭᠡᠮ ᠳᠤ ᠬᠢᠨᠠᠨ ᠪᠤᠳᠤᠯᠲᠠ ᠶᠢᠨ ᠦᠷ᠎ᠠ ᠳ᠋ᠦᠩ ᠢ ᠨᠡᠶᠢᠳᠡᠯᠡᠨ᠎ᠡ᠃ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠬᠢᠨᠠᠨ ᠪᠤᠳᠤᠯᠳᠠ ᠶᠢᠨ ᠪᠠᠶᠢᠳᠠᠯ ᠪᠠ ᠬᠢᠨᠠᠨ ᠪᠤᠳᠤᠯᠲᠡ ᠶᠢᠨ ᠦᠷ᠎ᠠ ᠳ᠋ᠦᠩ ᠢ ᠨᠡᠶᠢᠳᠡᠯᠡᠨ᠎ᠡ᠃       ᠲᠦᠷᠪᠡ᠂ ᠬᠠᠮᠢᠶᠠᠷᠤᠯᠳᠠ ᠶᠢᠨ ᠡᠷᠭᠡ ᠶᠢᠨ ᠬᠡᠪᠴᠢᠶᠡᠨ ᠳᠤ ᠬᠢᠨᠠᠨ ᠪᠤᠳᠤᠬᠤ ᠰᠢᠢᠤᠨᠪᠤᠷᠢ ᠭᠠᠷᠭᠠᠨ᠂ ᠬᠢᠨᠠᠨ ᠪᠤᠳᠤᠬᠤ ᠮᠡᠳᠡᠬᠦᠯᠤᠯᠳᠡ ᠬᠢᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠵᠢᠴᠢ ᠬᠤᠰᠢᠭᠤᠨ ᠤ ᠲᠤᠰ ᠱᠠᠳᠤᠨ ᠤ ᠬᠠᠮᠢᠶ᠎ᠠ ᠪᠦᠬᠦᠢ ᠴᠢᠬᠤᠯᠡ ᠶᠡᠭᠡ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠰᠢᠭᠤᠨ ᠤ ᠲᠤᠰ ᠱᠠᠳᠤᠨ ᠤ ᠲᠦᠰᠤᠪ ᠢ ᠬᠡᠷᠩᠵᠢᠬᠦᠯᠦᠭᠰᠡᠨ ᠪᠠᠶᠢᠳᠠᠯ ᠪᠠ ᠪᠤᠰᠤᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ︵ᠰᠢᠭᠤᠤᠨ ᠬᠠᠷᠢᠶ᠎ᠠ ᠪᠠᠶᠢᠭᠤᠯᠤᠯᠭ᠎ᠠ ᠶᠢ ᠪᠠᠭᠳᠠᠭᠠᠨ᠎ᠠ︶ ᠲᠦᠰᠤᠪ ᠢ ᠬᠡᠷᠩᠵᠢᠬᠦᠯᠦᠭᠰᠡᠨ ᠪᠠᠶᠢᠳᠠᠯ᠂ ᠳ᠋ᠦᠩᠨᠡᠨ ᠪᠤᠳᠤᠭᠰᠠᠨ ᠲᠦᠰᠤᠯ ᠪᠠ ᠪᠤᠰᠤᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ︔ ᠰᠤᠮᠤ ᠪᠠᠯᠭᠠᠰᠤ ᠶᠢᠨ ᠵᠠᠰᠠᠭ ᠤᠨ ᠤᠷᠳᠤᠨ ᠤ ᠲᠦᠰᠤᠪ ᠢ ᠬᠡᠷᠩᠵᠢᠬᠦᠯᠦᠭᠰᠡᠨ ᠪᠠᠶᠢᠳᠠᠯ᠂ ᠳ᠋ᠦᠩᠨᠡᠨ ᠪᠤᠳᠤᠭᠰᠠᠨ ᠪᠠ ᠪᠤᠰᠤᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠲᠡᠭᠡᠳᠤ ᠱᠠᠳᠤᠨ ᠤ ᠡᠳ᠋ ᠤᠨ ᠵᠠᠰᠠᠭ ᠤᠨ ᠰᠢᠯᠵᠢᠬᠦᠯᠤᠨ ᠦᠭᠬᠦᠭᠰᠡᠨ ᠪᠡᠯᠡ ᠮᠦᠩᠬᠦ︔ ᠲᠡᠭᠡᠳᠤ ᠱᠠᠳᠤ ᠵᠢᠴᠢ ᠬᠤᠰᠢᠭᠤᠨ ᠤ ᠲᠤᠰ ᠱᠠᠳᠤᠨ ᠤ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠩᠯᠡᠬᠦ ᠪᠠᠶᠢᠭᠤᠯᠤᠯᠭ᠎ᠠ ᠪᠠ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ︔ ᠤᠯᠤᠰ ᠤᠨ ᠪᠡᠯᠡ ᠤᠷᠤᠭᠤᠯᠤᠯᠳᠠ᠂ ᠦᠪᠡᠷᠳᠡᠬᠡᠨ ᠵᠠᠰᠠᠬᠤ ᠤᠷᠤᠨ ᠤ ᠪᠡᠯᠡ ᠤᠷᠤᠭᠤᠯᠤᠯᠳᠠ᠂ ᠬᠦᠯᠤᠨ ᠪᠦᠢᠷ ᠬᠤᠳᠠ ᠶᠢᠨ ᠪᠡᠯᠡ ᠤᠷᠤᠭᠤᠯᠤᠯᠳᠠ᠂ ᠬᠤᠰᠢᠭᠤᠨ ᠤ ᠲᠤᠰ ᠱᠠᠳᠤᠨ ᠤ ᠪᠡᠯᠡ ᠤᠷᠤᠭᠤᠯᠤᠯᠳᠠ ᠪᠠ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ᠂ ᠬᠤᠰᠢᠭᠤᠨ ᠤ ᠲᠤᠰ ᠱᠠᠳᠤᠨ ᠤ ᠪᠡᠯᠡ ᠤᠷᠤᠭᠤᠯᠤᠯᠳᠠ ᠪᠠᠷ ᠭᠤᠤᠯᠯᠠᠭᠰᠠᠨ ᠪᠦᠳᠤᠬᠡᠨ ᠪᠠᠶᠢᠭᠤᠯᠤᠯᠳᠠ ᠶᠢᠨ ᠲᠦᠷᠤᠯ ᠵᠦᠢᠯ ᠤᠨ ᠲᠦᠰᠤᠪ ᠢ ᠬᠡᠷᠩᠵᠢᠬᠦᠯᠦᠭᠰᠡᠨ ᠪᠠᠶᠢᠳᠠᠯ ᠪᠠ ᠲᠦᠰᠤᠪ ᠤᠨ ᠬᠦᠢᠴᠡᠤᠨᠬᠡᠯ᠂ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠦᠮᠴᠢᠯᠠᠯᠳᠤ ᠪᠠᠶᠢᠭᠤᠯᠤᠯᠭ᠎ᠠ ᠶᠢᠨ ᠦᠪᠡᠷᠳᠡᠭᠡᠨ ᠴᠤᠭᠯᠠᠭᠤᠯᠤᠭᠰᠠᠨ ᠦᠨᠳᠤᠰᠤᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠤᠨ ᠪᠡᠯᠡ ᠮᠦᠩᠬᠦ ᠶᠢ ᠬᠠᠮᠢᠶᠠᠷᠤᠨ ᠬᠡᠷᠩᠯᠡᠬᠦ ᠪᠠ ᠪᠦᠳᠤᠬᠡᠨ ᠪᠠᠶᠢᠭᠤᠯᠤᠯᠳᠠ ᠶᠢᠨ ᠡᠷᠬᠢᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠬᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠭᠡᠨ ᠵᠠᠰᠠᠭᠰᠠᠨ ᠪᠠᠶᠢᠳᠠᠯ︔ ᠬᠤᠰᠢᠭᠤᠨ ᠳᠤ ᠬᠠᠷᠢᠶᠠᠯᠠᠭᠳᠠᠬᠤ ᠠᠵᠦ ᠠᠬᠤᠶᠢᠯᠠᠯ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ᠂ ᠬᠤᠰᠢᠭᠤᠨ ᠤ ᠵᠠᠰᠠᠭ ᠤᠨ ᠤᠷᠳᠤᠨ ᠤ ᠲᠤᠭᠳᠠᠭᠠᠭᠰᠠᠨ ᠤᠯᠤᠰ ᠤᠨ ᠦᠮᠴᠢᠯᠠᠯᠳᠤ ᠬᠦᠷᠤᠩᠭᠡ ᠶᠢᠨ ᠬᠤᠪᠢ ᠤᠷᠤᠭᠤᠯᠤᠯᠳᠠ ᠶᠢ ᠡᠷᠬᠡᠰᠢᠶᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠭᠰᠡᠨ ᠠᠵᠤ ᠠᠬᠤᠶᠢᠯᠠᠯ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠤᠩᠭᠡ᠂ ᠦᠷᠢ ᠰᠢᠷᠢ ᠪᠠ ᠠᠰᠢᠭ ᠬᠤᠬᠢᠷᠠᠯ᠂ ᠬᠠᠮᠢᠶ᠎ᠠ ᠪᠦᠬᠦᠢ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠬᠦ᠂ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠨ ᠮᠦᠩᠬᠦ ᠪᠠ ᠪᠤᠰᠤᠤᠨ ᠰᠠᠭᠤᠷᠢ ᠮᠦᠩᠬᠦ᠂ ᠪᠡᠯᠡ ᠮᠦᠩᠬᠦ ᠶᠢᠨ ᠡᠳ᠋ ᠤᠨ ᠶᠠᠪᠤᠳᠠᠯ ᠤᠷᠤᠯᠭ᠎ᠠ ᠵᠠᠷᠤᠯᠭ᠎ᠠ︔ ᠲᠡᠯᠡᠬᠡᠢ ᠶᠢᠨ ᠵᠤᠬᠢᠶᠠᠨ ᠪᠠᠶᠢᠭᠤᠯᠤᠯᠳᠠ ᠪᠠ ᠭᠠᠳᠠᠭᠠᠳᠤ ᠤᠯᠤᠰ ᠤᠨ ᠵᠠᠰᠠᠭ ᠤᠨ ᠤᠷᠳᠤᠨ ᠤ ᠬᠠᠪᠰᠤᠷᠤᠨ ᠲᠡᠤᠨᠬᠦᠬᠦ᠂ ᠵᠢᠭᠡᠯᠡᠯᠭᠡ ᠶᠢᠨ ᠲᠦᠷᠤᠯ ᠵᠦᠢᠯ ᠵᠡᠷᠭᠡ ᠳᠤ ᠬᠢᠨᠠᠨ ᠪᠤᠳᠤᠬᠤ ᠰᠢᠢᠤᠨᠪᠤᠷᠢ ᠭᠠᠷᠭᠠᠨ᠎ᠠ᠃       ᠲᠠᠪᠤ᠂ ᠲᠤᠭᠳᠠᠭᠠᠯ ᠶᠤᠰᠤᠭᠠᠷ ᠬᠤᠰᠢᠭᠤᠨ ᠤ ᠰᠢᠭᠤᠤᠨ ᠬᠠᠷᠢᠶ᠎ᠠ ᠡᠯ᠎ᠡ ᠰᠠᠯᠠᠭ᠎ᠠ ᠮᠦᠴᠢᠷ᠂ ᠰᠤᠮᠤ ᠪᠠᠯᠭᠠᠰᠤ ᠶᠢᠨ ᠨᠠᠮ ᠵᠠᠰᠠᠭ ᠤᠨ ᠤᠷᠳᠤᠨ ᠤ ᠤᠳᠤᠷᠢᠳᠤᠯᠭ᠎ᠠ ᠵᠢᠴᠢ ᠪᠤᠰᠤᠤᠨ ᠪᠠᠶᠢᠭᠤᠯᠤᠯᠭ᠎ᠠ ᠶᠢᠨ ᠭᠤᠤᠯ ᠬᠠᠷᠢᠭᠤᠴᠠᠯᠭᠠᠳᠠᠨ ᠠᠴᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ ᠰᠤᠷᠪᠤᠯᠵᠢ ᠶᠢᠨ ᠡᠳ᠋ ᠬᠦᠷᠤᠩᠭᠡ ᠶᠢᠨ ᠲᠤᠰᠢᠶᠠᠯ ᠠᠴᠠ ᠪᠠᠨ ᠰᠠᠯᠬᠤ ᠦᠶᠡᠰ ᠤᠨ ︵ᠲᠤᠰᠢᠶᠠᠯ ᠡᠬᠦᠷᠭᠡᠯᠡᠵᠦ ᠪᠠᠶᠢᠭ᠎ᠠ ᠦᠶᠡᠰ︶ ᠤᠨ ᠬᠢᠨᠠᠨ ᠪᠤᠳᠤᠯᠲᠠ ᠶᠢ ᠬᠡᠷᠩᠵᠢᠬᠦᠯᠤᠨ᠎ᠡ᠃      ᠵᠢᠷᠭᠤᠭ᠎ᠠ᠂ ᠬᠢᠨᠠᠨ ᠪᠤᠳᠤᠬᠤ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠩᠵᠢᠬᠦᠯᠦᠨ᠎ᠡ᠃ ᠡᠳ᠋ ᠤᠨ ᠵᠠᠰᠠᠭ ᠤᠨ ᠠᠵᠤ ᠠᠬᠤᠢ ᠶᠢᠨ ᠬᠠᠤᠯᠢ ᠴᠠᠭᠠᠵᠨ ᠬᠠᠤᠯᠢ ᠲᠦᠷᠢᠮ᠂ ᠲᠦᠷᠢᠮ ᠲᠤᠭᠳᠠᠭᠠᠯ᠂ ᠲᠦᠷᠤ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠠᠷᠭ᠎ᠠ ᠠᠪᠴᠠᠯ ᠢ ᠬᠡᠷᠩᠵᠢᠬᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠦᠰᠤᠪ ᠤᠨ ᠬᠠᠮᠢᠶᠠᠷᠤᠯᠳᠠ ᠵᠢᠴᠢ ᠤᠯᠤᠰ ᠤᠨ ᠦᠮᠴᠢᠯᠡᠯᠳᠤ ᠡᠳ᠋ ᠬᠦᠷᠤᠩᠭᠡ ᠶᠢᠨ ᠬᠠᠮᠢᠶᠠᠷᠤᠨ ᠬᠡᠷᠩᠯᠡᠬᠦ ᠵᠡᠷᠭᠡ ᠬᠢᠨᠠᠨ ᠪᠤᠳᠤᠯᠲᠠ ᠶᠢᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠩᠵᠢᠬᠦᠯᠵᠦ᠂ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶ᠎ᠠ ᠪᠦᠬᠦᠢ ᠤᠡᠴᠠ ᠲᠤᠭᠳᠠᠭᠠᠭᠰᠠᠨ ᠵᠦᠢᠯᠡᠰ ᠤᠨ ᠲᠤᠰᠬᠠᠢ ᠲᠦᠷᠤᠯ ᠤᠨ ᠬᠢᠨᠠᠨ ᠪᠤᠳᠤᠯᠲᠡ ᠶᠢᠨ ᠪᠠᠶᠢᠴᠠᠭᠠᠯᠳᠠ ᠶᠢ ᠬᠠᠷᠢᠭᠤᠴᠠᠨ᠎ᠠ᠃      ᠲᠤᠯᠤᠭ᠎ᠠ᠂ ᠬᠢᠨᠠᠨ ᠪᠤᠳᠤᠬᠤ ᠶᠢᠨ ᠬᠠᠤᠯᠢ ᠬᠡᠷᠩᠵᠢᠬᠦᠯᠬᠦ ᠠᠵᠢᠯ ᠢ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠬᠢᠨᠠᠨ ᠪᠤᠳᠤᠬᠤ ᠰᠢᠢᠤᠨᠪᠤᠷᠢ ᠶᠢ ᠬᠦᠢᠴᠡᠤᠨᠬᠡᠭᠰᠡᠨ ᠪᠠᠶᠢᠳᠠᠯ ᠢ ᠬᠠᠤᠯᠢ ᠶᠤᠰᠤᠭᠠᠷ ᠪᠠᠶᠢᠴᠠᠭᠠᠵᠤ᠂ ᠬᠢᠨᠠᠨ ᠪᠤᠳᠤᠯᠲᠠ ᠶᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠬᠠᠯᠠᠨ ᠰᠠᠶᠢᠵᠢᠷᠭᠠᠤᠯᠬᠤ ᠶᠢ ᠱᠠᠭᠠᠷᠳᠠᠵᠤ᠂ ᠬᠢᠨᠠᠨ ᠪᠤᠳᠤᠯᠲᠡ ᠬᠦᠯᠢᠶᠡᠭᠰᠡᠨ ᠪᠠᠶᠢᠭᠤᠯᠤᠯᠭ᠎ᠠ ᠳᠤ ᠬᠢᠨᠠᠨ ᠪᠤᠳᠤᠯᠲᠡ ᠶᠢᠨ ᠰᠢᠢᠤᠨᠪᠤᠷᠢ ᠶᠢ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠪᠤᠶᠤ ᠬᠤᠰᠢᠭᠤᠨ ᠤ ᠵᠠᠰᠠᠭ ᠤᠨ ᠤᠷᠳᠤᠨ ᠤ ᠲᠠᠰᠤᠯᠤᠨ ᠲᠤᠭᠳᠠᠭᠠᠬᠤ ᠲᠤᠮᠳᠠᠬᠢ ᠬᠠᠮᠢᠶ᠎ᠠ ᠪᠦᠬᠦᠢ ᠵᠦᠢᠯᠡᠰ ᠢ ᠲᠤᠷᠠᠳᠤᠨ ᠲᠡᠪᠰᠢᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠨ ᠬᠤᠯᠪᠤᠭᠳᠠᠯ ᠪᠦᠬᠦᠢ ᠴᠢᠬᠤᠯᠡ ᠬᠡᠷᠡᠭ ᠵᠠᠷᠭᠤ ᠶᠢ ᠪᠠᠶᠢᠴᠠᠭᠠᠨ ᠰᠢᠢᠤᠨᠪᠤᠷᠢᠯᠡᠨ᠎ᠡ᠃       ᠨᠠᠢᠮᠠ᠂ ᠲᠤᠳᠤᠭᠠᠳᠤ ᠳᠠᠬᠢ ᠬᠢᠨᠠᠨ ᠪᠤᠳᠤᠯᠲᠡ ᠶᠢᠨ ᠠᠵᠢᠯ ᠢ ᠵᠢᠯᠤᠭᠤᠳᠤᠨ ᠬᠢᠨᠠᠯᠲᠡ ᠲᠠᠯᠪᠢᠵᠤ᠂ ᠪᠦᠬᠦ ᠬᠤᠰᠢᠭᠤᠨ ᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠠᠴᠠ ᠬᠠᠤᠯᠢ ᠶᠤᠰᠤᠭᠠᠷ ᠬᠢᠨᠠᠨ ᠪᠤᠳᠤᠬᠤ ᠬᠢᠨᠠᠯᠳᠠ ᠲᠠᠯᠪᠢᠬᠤ ᠡᠳᠡᠬᠡᠤᠨ ᠲᠤ ᠬᠠᠷᠢᠶᠠᠯᠠᠭᠳᠠᠬᠤ ᠨᠢᠭᠡᠴᠡ ᠠᠴᠠ ᠭᠠᠷᠭᠠᠭᠰᠠᠨ ᠬᠤᠯᠪᠤᠭᠳᠠᠯ ᠪᠦᠬᠦᠢ ᠬᠢᠨᠠᠨ ᠪᠤᠳᠤᠬᠤ ᠮᠡᠳᠡᠬᠦᠯᠦᠯᠳᠡ ᠶᠢ ᠬᠠᠤᠯᠢ ᠶᠤᠰᠤᠭᠠᠷ ᠬᠠᠷᠭᠤᠭᠤᠯᠤᠨ ᠪᠠᠶᠢᠴᠠᠭᠠᠨ᠎ᠠ᠃       ᠶᠢᠰᠤ᠂ ᠬᠢᠨᠠᠨ ᠪᠤᠳᠤᠬᠤ ᠬᠦᠷᠢᠶ᠎ᠡ ᠬᠡᠪᠴᠢᠶᠡᠨ ᠳᠠᠬᠢ ᠰᠤᠯᠢᠯᠴᠠᠭ᠎ᠠ ᠪᠠ ᠬᠤᠷᠰᠢᠯᠴᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠰᠤᠷᠠᠭ ᠵᠠᠩᠬᠢ ᠶᠢᠨ ᠮᠡᠷᠭᠡᠵᠢᠯ ᠢ ᠪᠦᠬᠦ ᠬᠤᠰᠢᠭᠤᠨ ᠤ ᠬᠢᠨᠠᠨ ᠪᠤᠳᠤᠬᠤ ᠬᠦᠷᠢᠶ᠎ᠡ ᠬᠡᠪᠴᠢᠶᠡᠨ ᠳᠤ ᠬᠡᠷᠩᠯᠡᠬᠦ ᠶᠢ ᠵᠢᠯᠤᠭᠤᠤᠨᠬᠤ ᠪᠠ ᠲᠡᠯᠭᠡᠷᠡᠬᠦᠯᠤᠨ᠎ᠡ᠃      ᠠᠷᠪᠠ᠂ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠲᠡᠭᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃      ᠠᠷᠪᠠᠨ ᠨᠢᠭᠡ᠂ ᠡᠬᠦᠷᠭᠡ ᠴᠢᠳᠠᠪᠬᠢ ᠶᠢᠨ ᠬᠤᠪᠢᠷᠠᠯᠲᠡ᠃ ᠬᠢᠨᠠᠨ ᠪᠤᠳᠤᠬᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠦ᠂ ᠪᠦᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠨᠢᠭᠡᠳᠤᠯᠳᠠᠢ ᠲᠦᠯᠤᠪᠯᠡᠬᠦ ᠶᠢ ᠴᠢᠩᠭᠠᠤᠨᠬᠠᠨ᠂ ᠬᠢᠨᠠᠨ ᠪᠤᠳᠤᠬᠤ ᠪᠠᠶᠢᠭᠤᠯᠤᠯᠭ᠎ᠠ ᠶᠢᠨ ᠡᠬᠦᠷᠭᠡ ᠴᠢᠳᠠᠪᠬᠢ ᠶᠢᠨ ᠤᠷᠤᠨ ᠪᠠᠶᠢᠷᠢ ᠶᠢ ᠲᠤᠳᠤᠤᠨᠬᠠᠨ᠂ ᠲᠤᠳᠤᠭᠠᠳᠤ ᠶᠢᠨ ᠡᠬᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠤᠨᠬᠠᠨ᠂ ᠬᠢᠨᠠᠨ ᠪᠤᠳᠤᠬᠤ ᠡᠬᠢ ᠰᠤᠷᠪᠤᠯᠵᠢ ᠲᠤᠬᠢᠷᠠᠭᠤᠯᠬᠤ ᠶᠢ ᠰᠢᠯᠢᠳᠡᠭᠵᠢᠬᠦᠯᠵᠦ᠂ ᠡᠮᠤᠨ᠎ᠡ ᠹᠷᠤᠨᠲ ᠳᠠᠬᠢ ᠬᠢᠨᠠᠨ ᠪᠤᠳᠤᠬᠤ ᠬᠦᠴᠤᠯᠡᠴᠡ ᠶᠢ ᠲᠡᠬᠦᠯᠳᠡᠷᠵᠢᠬᠦᠯᠵᠦ᠂ ᠲᠦᠪᠯᠡᠷᠡᠬᠦᠯᠤᠨ ᠨᠢᠭᠡᠳᠤᠬᠦᠯᠬᠦ᠂ ᠪᠦᠬᠦ ᠲᠠᠯ᠎ᠠ ᠶᠢ ᠬᠠᠮᠤᠷᠬᠤ᠂ ᠡᠷᠭᠡ ᠰᠦᠷᠦᠩᠳᠤᠯᠮ᠎ᠠ ᠤᠨ ᠦᠨᠳᠤᠷ ᠪᠦᠳᠤᠮᠵᠢᠳᠤ ᠬᠢᠨᠠᠨ ᠪᠤᠳᠤᠵᠦ ᠬᠢᠨᠠᠯᠲᠡ ᠲᠠᠯᠪᠢᠬᠤ ᠲᠤᠭᠳᠠᠯᠴᠠᠭ᠎ᠠ ᠶᠢ ᠡᠬᠦᠳᠤᠨ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠤᠭᠳᠠᠴᠠ ᠶᠢ ᠰᠢᠯᠢᠳᠡᠭᠵᠢᠬᠦᠯᠦᠨ᠂ ᠰᠢᠨᠵᠢᠯᠡᠭᠡ ᠮᠡᠷᠭᠡᠵᠢᠯ ᠤᠨ ᠴᠢᠩᠭ᠎ᠠ ᠬᠢᠨᠠᠨ ᠪᠤᠳᠤᠯᠲᠡ ᠶᠢ ᠪᠠᠷᠢᠮᠳᠠᠯᠠᠵᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠲᠡᠬᠦᠯᠳᠡᠷᠵᠢᠬᠦᠯᠵᠦ᠂ ᠠᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠨ ᠵᠤᠬᠢᠴᠠᠭᠤᠯᠬᠤ ᠪᠠᠨ ᠴᠢᠩᠭᠠᠤᠨᠬᠠᠨ᠂ ᠲᠤᠳᠤᠭᠠᠳᠤ ᠳᠠᠬᠢ ᠬᠢᠨᠠᠨ ᠪᠤᠳᠤᠯᠲᠡ ᠪᠠ ᠨᠡᠶᠢᠭᠡᠮ ᠤᠨ ᠬᠢᠨᠠᠨ ᠪᠤᠳᠤᠯᠲᠡ ᠶᠢᠨ ᠬᠦᠴᠤᠨ ᠢ ᠬᠦᠢᠴᠡᠤᠨ ᠲᠠᠶᠢᠴᠢᠯᠠᠨ᠂ ᠬᠢᠨᠠᠯᠳᠠ ᠲᠠᠯᠪᠢᠬᠤ ᠨᠡᠶᠢᠯᠡᠮᠠᠯ ᠬᠦᠴᠤᠨ ᠢᠶᠠᠨ ᠨᠡᠮᠡᠭᠳᠡᠬᠦᠯᠦᠨ᠎ᠡ᠃
ᠢᠷᠡᠯᠲᠡ᠄ ᠲᠣᠲᠣᠷᠬᠠᠢ ᠦᠭᠡᠢ