| | ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠥᠯᠦᠨ ᠪᠤᠶᠢᠷ ᠬᠤᠳᠠ ᠶᠢᠨ ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠬᠠᠥᠯᠢ ᠴᠠᠭᠠᠵᠠ | ᠬᠠᠥᠯᠢ ᠲᠤᠭᠲᠠᠭᠠᠯ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ | ᠠᠵᠢᠯ ᠤᠨ ᠲᠤᠬᠠᠢ ᠬᠥᠭᠵᠢᠯᠲᠡ ᠶᠢᠨ ᠪᠠᠶᠢᠯᠳᠤᠬᠤ ᠪᠠ ᠳᠤᠮᠳᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢ ᠰᠤᠳᠤᠯᠤᠨ ᠲᠤᠭᠤᠷᠪᠢᠨ ᠲᠤᠭᠲᠠᠭᠠᠵᠤ᠂ ᠪᠦᠬᠦ | ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠤᠨ ᠬᠥᠭᠵᠢᠯᠲᠡ ᠶᠢᠨ ᠲᠦᠯᠦᠪᠯᠡᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠤᠶᠠᠷ᠂ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠳᠤ ᠤᠰᠤ ᠬᠡᠷᠡᠭᠯᠡᠬᠦ ᠶᠢ ᠨᠢᠭᠡᠳᠦᠯᠲᠡᠢ ᠲᠦᠯᠦᠪᠯᠡᠬᠦ | ᠪᠠ ᠪᠠᠲᠤᠯᠠᠭ᠎ᠠ ᠶᠢ ᠬᠠᠷᠢᠭᠤᠴᠠᠨ᠎ᠠ᠃ ᠬᠠᠮᠤᠭ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠤᠰᠤᠨ ᠤ ᠡᠬᠢ ᠰᠤᠷᠪᠤᠯᠵᠢ ᠶᠢ ᠨᠢᠭᠡᠳᠦᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠰᠢᠭᠤᠨ ᠤ ᠤᠰᠤᠨ ᠤ ᠳᠤᠮᠳᠠ ᠤᠷᠲᠤ ᠬᠤᠭᠤᠴᠠᠭᠠᠨ ᠤ | ᠬᠠᠩᠭᠠᠯᠭ᠎ᠠ ᠬᠡᠷᠡᠭᠴᠡᠭᠡᠨ ᠤ ᠲᠦᠯᠦᠪᠵᠢᠭᠦᠯᠬᠡ ᠶᠢ ᠲᠤᠭᠤᠷᠪᠢᠨ ᠲᠤᠭᠲᠠᠭᠠᠨ᠎ᠠ᠃ ᠤᠰᠤ ᠲᠠᠲᠠᠬᠤ ᠵᠦᠪᠰᠢᠶᠡᠷᠡᠯ᠂ ᠭᠤᠤᠯ ᠤᠨ ᠵᠠᠮ ᠤᠨ ᠡᠯᠡᠰᠦ ᠭᠠᠷᠭᠠᠬᠤ | ᠵᠦᠪᠰᠢᠶᠡᠷᠡᠯ᠂ ᠤᠰᠤᠨ ᠤ ᠰᠤᠷᠪᠤᠯᠵᠢ ᠶᠢ ᠨᠤᠲᠠᠯᠠᠬᠤ ᠳᠦᠷᠢᠮ ᠢ ᠵᠤᠬᠢᠶᠠᠨ ᠪᠠᠶᠢᠭᠤᠯᠤᠨ ᠭᠡᠷᠡᠭᠵᠢᠭᠦᠯᠵᠤ᠂ ᠤᠰᠤᠨ ᠤ ᠡᠬᠢ ᠪᠠᠶᠠᠯᠢᠭ ᠢ ᠲᠦᠯᠦᠪᠤᠷᠢ ᠲᠠᠢ ᠬᠡᠷᠡᠭᠯᠡᠬᠦ | ᠠᠵᠢᠯ ᠢ ᠵᠢᠯᠤᠭᠤᠳᠤᠨ ᠦᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠤᠰᠤ ᠬᠠᠩᠭᠠᠬᠤ ᠪᠠ ᠰᠤᠮᠤ ᠪᠠᠯᠭᠠᠰᠤ ᠶᠢᠨ ᠤᠰᠤ ᠬᠠᠩᠭᠠᠬᠤ ᠠᠵᠢᠯ ᠢ | ᠵᠢᠯᠤᠭᠤᠳᠤᠨ᠎ᠠ᠃ | ᠭᠤᠷᠪᠠ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠢ ᠵᠢᠯᠤᠭᠤᠳᠤᠨ᠎ᠠ᠃ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠲᠦᠯᠦᠪᠵᠢᠭᠦᠯᠬᠡ ᠶᠢ | ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠲᠤᠤᠷᠠᠬᠢ | ᠤᠰᠤᠨ ᠤ ᠰᠤᠷᠪᠤᠯᠵᠢ ᠶᠢᠨ ᠬᠠᠮᠢᠶᠠᠷᠤᠯᠲᠠ ᠶᠢ ᠬᠠᠮᠠᠭᠠᠯᠠᠬᠤ ᠶᠢ ᠵᠢᠯᠤᠭᠤᠳᠤᠨ᠎ᠠ᠃ ᠭᠠᠵᠠᠷ ᠳᠤᠤᠷᠠᠬᠢ ᠤᠰᠤ ᠶᠢ ᠬᠡᠲᠤᠷᠡᠳᠦᠯᠡ ᠬᠡᠷᠡᠭᠯᠡᠭᠰᠡᠨ ᠤᠷᠤᠨ ᠢ | ᠶᠡᠷᠦᠩᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ᠳᠦᠷᠪᠡ᠂ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ ᠤᠨ ᠤᠰᠤ ᠠᠷᠪᠢᠯᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠬᠦᠯᠦᠨ ᠪᠤᠶᠢᠷ ᠬᠤᠳᠠ ᠶᠢᠨ ᠤᠰᠤ ᠠᠷᠪᠢᠯᠠᠬᠤ ᠲᠦᠯᠦᠪᠵᠢᠭᠦᠯᠭᠡ᠂ ᠠᠷᠭ᠎ᠠ ᠠᠪᠴᠠᠯ ᠶᠤᠰᠤᠭᠠᠷ ᠪᠦᠬᠦ ᠬᠤᠰᠢᠭᠤᠨ ᠤ ᠤᠰᠤ ᠠᠷᠪᠢᠯᠠᠬᠤ | ᠲᠦᠯᠦᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠪᠦᠬᠦ ᠬᠤᠰᠢᠭᠤᠨ ᠤ ᠤᠰᠤ ᠠᠷᠪᠢᠯᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ ᠬᠢᠨᠠᠯᠲᠠ ᠲᠠᠯᠪᠢᠨ᠎ᠠ᠃ | ᠲᠠᠪᠤ᠂ ᠤᠰᠤᠨ ᠠᠰᠢᠭᠯᠠᠯᠲᠠ ᠶᠢᠨ ᠲᠦᠭᠦᠭᠡᠷᠦᠮᠵᠢ᠂ ᠤᠰᠤᠨ ᠤ ᠴᠠᠷᠠᠭ᠎ᠠ ᠶᠢᠨ ᠡᠷᠭᠢ ᠳᠠᠭᠠᠤ ᠶᠢᠨ ᠬᠠᠮᠢᠶᠠᠷᠤᠯᠲᠠ᠂ ᠬᠠᠮᠠᠭᠠᠯᠠᠯᠲᠠ ᠪᠠ ᠶᠡᠷᠦᠩᠬᠡᠶᠢᠯᠡᠭᠰᠡᠨ | ᠠᠰᠢᠭᠯᠠᠯᠲᠠ ᠶᠢ ᠵᠢᠯᠤᠭᠤᠳᠤᠨ᠎ᠠ᠃ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠦᠭᠦᠭᠡᠷᠦᠮᠵᠢ ᠶᠢᠨ ᠲᠤᠤᠷ ᠰᠦᠯᠵᠢᠶᠠᠨ ᠤ ᠪᠠᠶᠢᠭᠤᠯᠤᠯᠲᠠ ᠶᠢ | ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠪᠦᠬᠦ ᠬᠤᠰᠢᠭᠤᠨ ᠤ ᠭᠤᠤᠯ ᠤᠨ ᠤᠷᠤᠰᠬᠠᠯ ᠨᠠᠭᠤᠷ ᠴᠦᠭᠦᠷᠦᠮ ᠤᠨ ᠵᠠᠰᠠᠯᠲᠠ᠂ ᠨᠡᠭᠡᠭᠡᠨ ᠬᠥᠭᠵᠢᠭᠦᠯᠬᠦ᠂ ᠬᠠᠮᠠᠭᠠᠯᠠᠯᠲᠠ | ᠪᠠ ᠰᠡᠷᠭᠦᠭᠡᠬᠦ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠭᠤᠤᠯ ᠨᠠᠭᠤᠷ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ | ᠨᠠᠭᠤᠷ ᠤᠨ ᠠᠮᠢ ᠠᠬᠤᠢ ᠶᠢᠨ ᠤᠷᠤᠰᠬᠠᠯ ᠤᠨ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠨᠠᠭᠤᠷ ᠤᠨ ᠤᠰᠤᠨ ᠤ ᠰᠢᠰᠲ᠋ᠧᠮ ᠤᠨ ᠬᠤᠯᠪᠤᠯᠳᠠᠬᠤ | ᠠᠵᠢᠯ ᠢ ᠵᠢᠯᠤᠭᠤᠳᠤᠨ᠎ᠠ᠃ | ᠵᠢᠷᠭᠤᠭ᠎ᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠡᠷᠬᠢᠯᠲᠡ ᠶᠢᠨ ᠬᠠᠮᠢᠶᠠᠷᠤᠯᠲᠠ ᠶᠢ ᠵᠢᠯᠤᠭᠤᠳᠤᠨ᠎ᠠ᠃ | ᠡᠷᠬᠡ ᠶᠢᠨ ᠬᠡᠪᠴᠢᠶᠠᠨ ᠳᠤ ᠬᠤᠯᠪᠤᠭᠳᠠᠯ ᠪᠦᠬᠦᠢ ᠢᠨᠵᠧᠨᠧᠷᠢᠩ ᠤᠨ ᠰᠢᠯᠭᠠᠨ ᠬᠤᠷᠢᠶᠠᠬᠤ ᠶᠢ ᠵᠤᠬᠢᠶᠠᠨ ᠪᠠᠶᠢᠭᠤᠯᠤᠨ᠎ᠠ᠃ ᠤᠰᠤᠳᠤᠯ ᠭᠠᠩᠳᠠᠯ ᠤᠨ ᠭᠠᠢ ᠭᠠᠮᠰᠢᠭ ᠢ | ᠰᠡᠷᠭᠡᠶᠢᠯᠡᠬᠦ ᠠᠵᠢᠯ ᠢ ᠵᠢᠯᠤᠭᠤᠳᠤᠨ ᠵᠤᠬᠢᠴᠠᠭᠤᠯᠤᠨ᠎ᠠ᠃ | ᠳᠤᠯᠤᠭ᠎ᠠ᠂ ᠬᠥᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠤᠭᠤᠳᠤᠨ᠎ᠠ᠃ ᠬᠥᠳᠡᠭᠡ ᠲᠤᠰᠬᠤᠨ ᠮᠠᠯᠵᠢᠬᠤ ᠤᠷᠤᠨ ᠤ | ᠤᠤᠭᠤᠬᠤ ᠤᠰᠤᠨ ᠤ ᠠᠮᠤᠷ ᠲᠥᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ | ᠂ ᠤᠰᠤ ᠠᠷᠪᠢᠯᠠᠬᠤ ᠤᠰᠤᠯᠠᠯᠲᠠ ᠶᠢᠨ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃ | ᠨᠠᠢᠮᠠ᠂ ᠤᠰᠤ ᠬᠦᠷᠦᠰᠤ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠰᠡᠷᠬᠡᠶᠢᠯᠡᠨ ᠵᠠᠰᠠᠬᠤ᠂ ᠬᠢᠨᠠᠨ | ᠬᠡᠮᠵᠢᠨ ᠤᠷᠢᠳᠴᠢᠯᠡᠨ ᠮᠡᠳᠡᠭᠦᠯᠬᠦ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠤᠭᠲᠠᠭᠰᠠᠨ ᠬᠤᠭᠤᠴᠠᠭ᠎ᠠ ᠲᠠᠢ ᠪᠠᠷ ᠤᠯᠠᠨ ᠳᠤ ᠵᠠᠷᠯᠠᠨ᠎ᠠ᠃ | ᠬᠤᠰᠢᠭᠤᠨ ᠤ ᠲᠡᠰ ᠤᠨ ᠲᠤᠭᠲᠠᠭᠠᠭᠰᠠᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤᠨ ᠬᠦᠷᠦᠰᠤ ᠶᠢ ᠬᠠᠮᠠᠭᠠᠯᠠᠬᠤ ᠶᠢ ᠬᠢᠨᠠᠨ | ᠵᠢᠯᠤᠭᠤᠳᠴᠦ ᠬᠠᠮᠢᠶᠠᠷᠬᠤ ᠠᠵᠢᠯ ᠢ ᠬᠠᠷᠢᠭᠤᠴᠠᠵᠤ᠂ ᠭᠤᠤᠯᠳᠠᠯᠭ᠎ᠠ ᠲᠠᠢ ᠤᠰᠤ ᠬᠦᠷᠦᠰᠤ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠶᠢᠰᠦ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠠᠥᠯᠢ ᠬᠡᠷᠡᠭᠵᠢᠭᠦᠯᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ | ᠤᠰᠤᠨ ᠳᠤ ᠬᠤᠯᠪᠤᠭᠳᠠᠭᠰᠠᠨ ᠬᠠᠥᠯᠢ ᠶᠢ ᠵᠦᠷᠢᠴᠡᠭᠰᠡᠨ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠤᠰᠤᠨ ᠤ ᠶᠠᠪᠤᠳᠠᠯ ᠢ ᠬᠢᠨᠠᠨ | ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ | ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠥᠯᠢ ᠶᠤᠰᠤᠭᠠᠷ ᠬᠠᠷᠢᠭᠤᠴᠠᠨ᠎ᠠ᠃ | ᠠᠷᠪᠠ᠂ ᠤᠰᠤᠨ ᠠᠰᠢᠭᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠢᠯ ᠢ ᠦᠷᠨᠢᠭᠦᠯᠦᠨ᠎ᠡ᠃ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ | ᠲᠦᠷᠦᠯ ᠤᠨ ᠴᠢᠨᠠᠷ ᠴᠢᠨᠰᠠᠭᠠᠨ ᠳᠤ ᠬᠢᠨᠠᠯᠲᠠ ᠲᠠᠯᠪᠢᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ | ᠲᠦᠷᠦᠯ ᠤᠨ ᠳᠦᠷᠢᠮ ᠵᠢᠷᠤᠮᠯᠠᠯ ᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠰᠢᠨᠵᠢᠯᠡᠭᠡ | ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠪᠦᠷᠢᠳᠭᠡᠯ ᠤᠨ ᠠᠵᠢᠯ ᠢ ᠡᠭᠦᠷᠭᠡᠯᠡᠨ᠎ᠡ᠃ | ᠠᠷᠪᠠᠨ ᠨᠢᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |