ᠠᠷᠤᠨ ᠬᠤᠰᠢᠭᠤᠨ ᠤ ᠲᠤᠭ᠎ᠠ ᠪᠦᠷᠢᠤᠨᠬᠡᠯ ᠤᠨ ᠲᠤᠪᠴᠢᠶᠠᠨ ᠤ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
    ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠲᠤᠭ᠎ᠠ ᠪᠦᠷᠢᠤᠨᠬᠡᠯ ᠤᠨ ᠲᠤᠪᠴᠢᠶᠠᠨ ᠤ ᠠᠵᠢᠯ ᠤᠨ ᠲᠤᠬᠠᠢ ᠬᠠᠤᠯᠢ ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠲᠤᠭ᠎ᠠ ᠪᠦᠷᠢᠤᠨᠬᠡᠯ ᠤᠨ ᠲᠦᠷᠢᠮ᠂ ᠲᠤᠭ᠎ᠠ ᠪᠦᠷᠢᠤᠨᠬᠡᠯ ᠤᠨ ᠪᠠᠷᠢᠮᠵᠢᠶ᠎ᠡ ᠪᠠ ᠲᠤᠭ᠎ᠠ ᠪᠦᠷᠢᠤᠨᠬᠡᠯ ᠤᠨ ᠦᠭᠡᠷᠡᠴᠢᠯᠡᠯᠳᠡ ᠶᠢᠨ ᠪᠠᠶᠢᠭᠤᠯᠤᠯᠳᠠ ᠶᠢᠨ ᠲᠦᠯᠤᠪᠵᠢᠬᠦᠯᠭᠡ ᠶᠢ ᠲᠤᠭᠤᠷᠪᠢᠨ ᠲᠤᠭᠳᠠᠭᠠᠵᠤ᠂ ᠲᠤᠭ᠎ᠠ ᠪᠦᠷᠢᠤᠨᠬᠡᠯ ᠤᠨ ᠬᠠᠤᠯᠢ ᠴᠠᠭᠠᠨ ᠬᠠᠤᠯᠢ ᠲᠦᠷᠢᠮ ᠪᠠ ᠲᠤᠭ᠎ᠠ ᠪᠦᠷᠢᠤᠨᠬᠡᠯ ᠤᠨ ᠲᠦᠷᠢᠮ᠂ ᠲᠤᠭ᠎ᠠ ᠪᠦᠷᠢᠤᠨᠬᠡᠯ ᠤᠨ ᠪᠠᠷᠢᠮᠵᠢᠶ᠎ᠡ ᠶᠢ ᠬᠡᠷᠩᠵᠢᠬᠦᠯᠬᠦ ᠶᠢ ᠬᠢᠨᠠᠯᠲᠠ ᠲᠠᠯᠪᠢᠵᠤ ᠪᠠᠶᠢᠴᠠᠭᠠᠨ᠎ᠠ᠃ ᠬᠠᠮᠢᠶ᠎ᠠ ᠪᠦᠬᠦᠢ ᠲᠤᠭ᠎ᠠ ᠪᠦᠷᠢᠤᠨᠬᠡᠯ ᠤᠨ ᠲᠤᠭ᠎ᠠ ᠪᠠᠷᠢᠮᠲᠡ ᠶᠢᠨ ᠴᠢᠨᠠᠷ ᠢ ᠪᠠᠶᠢᠴᠠᠭᠠᠬᠤ ᠪᠠ ᠦᠨᠡᠯᠡᠯᠲᠡ ᠬᠢᠵᠦ᠂ ᠰᠤᠮᠤ ᠪᠠᠯᠭᠠᠰᠤ ᠶᠢ ᠵᠢᠯᠤᠭᠤᠳᠤᠨ ᠬᠠᠮᠢᠶ᠎ᠠ ᠪᠦᠬᠦᠢ ᠠᠵᠢᠯ ᠢᠶᠠᠨ ᠦᠷᠨᠢᠬᠦᠯᠤᠨ᠎ᠠ᠃     ᠬᠤᠶᠡᠷ᠂ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠶᠢᠨ ᠲᠤᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠤᠨ ᠤᠨ ᠠᠵᠤ ᠠᠬᠤᠢ ᠶᠢᠨ ᠲᠤᠭᠠᠴᠠᠭ᠎ᠠ ᠬᠢᠬᠦ ᠲᠤᠭᠳᠠᠯᠴᠠᠭ᠎ᠠ ᠶᠢ ᠲᠤᠤᠱᠯᠠᠭᠤᠯᠤᠨ ᠬᠡᠷᠩᠵᠢᠬᠦᠯᠵᠦ᠂ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠶᠢᠨ ᠲᠤᠭᠠᠴᠠᠭ᠎ᠠ ᠬᠢᠬᠦ ᠲᠦᠷᠢᠮ ᠪᠠ ᠪᠦᠬᠦ ᠬᠤᠰᠢᠭᠤᠨ ᠤ ᠪᠡᠯᠡ ᠤᠷᠤᠭᠤᠯᠤᠯᠳᠠ ᠶᠢᠨ ᠭᠠᠷᠤᠯᠲᠡ ᠭᠠᠷᠭᠠᠯᠲᠡ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠩᠵᠢᠬᠦᠯᠵᠦ᠂ ᠪᠦᠬᠦ ᠬᠤᠰᠢᠭᠤᠨ ᠤ ᠭᠠᠵᠠᠷ ᠤᠷᠤᠨ ᠤ ᠦᠢᠯᠡᠤᠨᠪᠤᠷᠢᠯᠡᠯ ᠤᠨ ᠶᠡᠷᠤᠩᠬᠡᠢ ᠦᠷᠳᠡᠭ ᠲᠤ ᠲᠤᠭᠠᠴᠠᠭ᠎ᠠ ᠬᠢᠵᠦ᠂ ᠤᠯᠤᠰ ᠠᠷᠠᠤᠨ ᠤᠨ ᠠᠵᠤ ᠠᠬᠤᠢ ᠶᠢᠨ ᠲᠤᠭᠠᠴᠠᠭ᠎ᠠ ᠬᠢᠬᠦ ᠮᠠᠲ᠋ᠧᠷᠢᠶᠠᠯ ᠢ ᠨᠠᠶᠢᠷᠠᠭᠤᠯᠤᠨ᠂ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠶᠢᠨ ᠲᠤᠭᠠᠴᠠᠭ᠎ᠠ ᠬᠢᠬᠦ ᠠᠵᠢᠯ ᠢ ᠬᠢᠨᠠᠯᠲᠡ ᠲᠠᠯᠪᠢᠵᠤ ᠬᠠᠮᠢᠶᠠᠷᠤᠨ᠎ᠠ᠃     ᠭᠤᠷᠪᠠ᠂ ᠪᠦᠬᠦ ᠬᠤᠰᠢᠭᠤᠨ ᠤ ᠬᠦᠮᠤᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠲᠡᠮ ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ ᠃ ᠪᠦᠬᠦ ᠬᠤᠰᠢᠭᠤᠨ ᠤ ᠬᠦᠮᠤᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ ᠤᠨ ᠨᠡᠶᠢᠲᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠩᠵᠢᠬᠦᠯᠬᠦ ᠪᠠ ᠬᠠᠮᠵᠢᠯᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤ ᠴᠢᠬᠤᠯᠠ ᠶᠡᠭᠡ ᠬᠤᠰᠢᠭᠤᠨ ᠤ ᠪᠠᠶᠢᠳᠠᠯ ᠤᠨ ᠨᠡᠶᠢᠲᠡᠮ ᠪᠠᠶᠢᠴᠠᠭᠠᠯᠳᠠ ᠪᠠ ᠲᠤᠰᠠᠬᠠᠢ ᠲᠦᠷᠤᠯ ᠤᠨ ᠪᠠᠶᠢᠴᠠᠭᠠᠯᠳᠠ ᠶᠢᠨ ᠲᠦᠯᠤᠪᠯᠡᠭᠡ᠂ ᠲᠦᠰᠤᠯ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠬᠤᠰᠢᠭᠤᠨ ᠤ ᠪᠠᠶᠢᠳᠠᠯ ᠤᠨ ᠲᠠᠯ᠎ᠠ ᠶᠢᠨ ᠪᠦᠷᠢᠤᠨᠬᠡᠭᠰᠡᠨ ᠲᠤᠭ᠎ᠠ ᠪᠠᠷᠢᠮᠲᠡ ᠶᠢ ᠬᠤᠷᠢᠶᠠᠩᠭᠤᠶᠢᠯᠠᠬᠤ᠂ ᠡᠮᠬᠢᠤᠨᠬᠡᠬᠦ ᠪᠠ ᠬᠠᠩᠭᠠᠨ᠎ᠠ᠃     ᠲᠦᠷᠪᠡ᠂ ᠲᠤᠭ᠎ᠠ ᠪᠦᠷᠢᠤᠨᠬᠡᠯ ᠢ ᠬᠤᠷᠢᠶᠠᠩᠭᠤᠶᠢᠯᠠᠬᠤ ᠪᠠ ᠲᠤᠭ᠎ᠠ ᠪᠠᠷᠢᠮᠳ᠋ᠨ ᠬᠠᠩᠭᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠤᠢ ᠰᠢᠭᠤᠢ ᠵᠢᠭᠠᠰᠤᠨ ᠤ ᠦᠢᠯᠡᠰ᠂ ᠠᠵᠤ ᠦᠢᠯᠡᠤᠨᠪᠤᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠶᠢᠨ ᠡᠯ᠎ᠡ ᠠᠵᠢᠯ ᠲᠦᠷᠤᠯ ᠤᠨ ᠲᠤᠭ᠎ᠠ ᠪᠦᠷᠢᠤᠨᠬᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠩᠵᠢᠬᠦᠯᠤᠨ᠎ᠠ᠃ ᠪᠦᠬᠦ ᠬᠤᠰᠢᠭᠤᠨ ᠤ ᠡᠨᠧᠷᠬᠢ ᠂ ᠪᠡᠯᠡ ᠤᠷᠤᠭᠤᠯᠤᠯᠳᠠ᠂ ᠬᠡᠷᠩᠯᠡᠭᠡᠨ᠂ ᠰᠢᠨᠵᠢᠯᠡᠭᠡ ᠮᠡᠷᠭᠡᠵᠢᠯ᠂ ᠬᠦᠮᠤᠨ ᠠᠮᠠ᠂ ᠨᠡᠶᠢᠭᠡᠮ ᠤᠨ ᠬᠦᠭᠵᠢᠯᠳᠡ ᠶᠢᠨ ᠦᠨᠳᠤᠰᠤᠨ ᠪᠠᠶᠢᠳᠠᠯ ᠵᠡᠷᠭᠡ ᠲᠤᠭ᠎ᠠ ᠪᠦᠷᠢᠤᠨᠬᠡᠯ ᠤᠨ ᠪᠠᠶᠢᠴᠠᠭᠠᠯᠲᠡ ᠶᠢ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠬᠠᠮᠢᠶ᠎ᠠ ᠪᠦᠬᠦᠢ ᠪᠠᠶᠢᠴᠠᠭᠠᠯᠲᠠ ᠶᠢᠨ ᠪᠦᠷᠢᠤᠨᠬᠡᠭᠰᠡᠨ ᠲᠤᠭ᠎ᠠ ᠪᠠᠷᠢᠮᠲᠡ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠤᠨᠬᠡᠬᠦ ᠪᠠ ᠬᠠᠩᠭᠠᠨ᠎ᠠ᠃ ᠵᠠᠮ ᠬᠠᠷᠢᠯᠴᠠᠭ᠎ᠠ ᠲᠡᠭᠡᠭᠡᠪᠤᠷᠢ᠂ ᠰᠢᠤᠳᠡᠨ᠂ ᠵᠢᠭᠤᠯᠴᠢᠯᠠᠯ᠂ ᠰᠤᠷᠭᠠᠨ ᠬᠦᠮᠤᠵᠢᠯ᠂ ᠡᠷᠡᠬᠦᠯ ᠬᠠᠮᠠᠭᠠᠯᠠᠯ᠂ ᠨᠡᠶᠢᠭᠡᠮ ᠤᠨ ᠪᠠᠳᠤᠯᠠᠭ᠎ᠠ᠂ ᠨᠡᠶᠢᠲᠡ ᠶᠢᠨ ᠬᠡᠷᠩᠯᠡᠭᠡᠨ ᠤ ᠠᠵᠢᠯ ᠦᠢᠯᠡᠰ᠂ ᠡᠬᠢ ᠰᠤᠷᠪᠤᠯᠵᠢ᠂ ᠬᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠦᠴᠢᠷ ᠤᠨ ᠦᠨᠳᠤᠰᠤᠨ ᠲᠤᠭ᠎ᠠ ᠪᠦᠷᠢᠤᠨᠬᠡᠯ ᠤᠨ ᠲᠤᠭ᠎ᠠ ᠪᠠᠷᠢᠮᠲᠡ ᠶᠢ ᠬᠤᠷᠢᠶᠠᠩᠭᠤᠶᠢᠯᠠᠬᠤ᠂ ᠡᠮᠬᠢᠤᠨᠬᠡᠬᠦ ᠪᠠ ᠬᠠᠩᠭᠠᠨ᠎ᠠ᠃     ᠲᠠᠪᠤ᠂ ᠦᠨᠳᠤᠰᠤᠨ ᠲᠤᠭ᠎ᠠ ᠪᠦᠷᠢᠤᠨᠬᠡᠯ ᠤᠨ ᠰᠤᠷᠠᠭ ᠵᠠᠩᠬᠢ ᠶᠢ ᠨᠡᠶᠢᠳᠡᠯᠡᠬᠦ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠤᠯᠭ᠎ᠠ ᠶᠢ ᠵᠤᠬᠢᠶᠠᠨ ᠪᠠᠶᠢᠭᠤᠯᠤᠨ ᠠᠵᠤ ᠠᠬᠤᠢ᠂ ᠨᠡᠶᠢᠭᠡᠮ᠂ ᠰᠢᠨᠵᠢᠯᠡᠭᠡ ᠮᠡᠷᠬᠡᠵᠢᠯ ᠪᠠ ᠡᠬᠢ ᠪᠠᠶᠠᠯᠢᠭ ᠤᠨ ᠤᠷᠴᠢᠨ ᠲᠤᠭᠤᠷᠢᠨ ᠤ ᠲᠤᠭ᠎ᠠ ᠪᠦᠷᠢᠤᠨᠬᠡᠯ ᠢ ᠪᠠᠶᠢᠴᠠᠭᠠᠨ᠎ᠠ᠃ ᠪᠦᠬᠦ ᠬᠤᠰᠢᠭᠤᠨ ᠤ ᠴᠢᠨᠠᠷᠳᠠᠢ ᠦᠨᠳᠤᠰᠤᠨ ᠲᠤᠭ᠎ᠠ ᠪᠦᠷᠢᠤᠨᠬᠡᠯ ᠤᠨ ᠮᠠᠲ᠋ᠧᠷᠢᠶᠠᠯ ᠢ ᠨᠢᠭᠡᠳᠤᠯᠳᠠᠢ ᠬᠠᠷᠭᠤᠭᠤᠯᠤᠨ ᠲᠤᠭᠳᠠᠭᠠᠬᠤ᠂ ᠬᠠᠮᠢᠶᠠᠷᠴᠦ ᠨᠡᠶᠢᠳᠡᠯᠡᠨ᠎ᠡ᠃ ᠤᠯᠤᠰ ᠠᠷᠠᠤᠨ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠪᠠᠶᠢᠳᠠᠯ ᠤᠨ ᠲᠤᠭ᠎ᠠ ᠪᠦᠷᠢᠤᠨᠬᠡᠯ ᠤᠨ ᠰᠤᠷᠠᠭ ᠵᠠᠩᠬᠢ ᠶᠢ ᠲᠤᠭᠳᠠᠭᠰᠠᠨ ᠬᠤᠭᠤᠴᠠᠭ᠎ᠠ ᠲᠠᠢ ᠨᠡᠶᠢᠳᠡᠯᠡᠨ᠎ᠡ᠃     ᠵᠢᠷᠭᠤᠭ᠎ᠠ᠂ ᠲᠤᠭ᠎ᠠ ᠪᠦᠷᠢᠤᠨᠬᠡᠯ ᠤᠨ ᠬᠢᠨᠠᠨ ᠬᠡᠮᠵᠢᠬᠦ ᠬᠢᠨᠠᠯᠲᠡ ᠲᠠᠯᠪᠢᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ᠂ ᠨᠡᠶᠢᠭᠡᠮ ᠤᠨ ᠬᠦᠭᠵᠢᠯᠲᠡ᠂ ᠰᠢᠨᠵᠢᠯᠡᠭᠡ ᠮᠡᠷᠬᠡᠵᠢᠯ ᠤᠨ ᠲᠠᠪᠰᠢᠯᠲᠡ ᠪᠠ ᠡᠬᠢ ᠪᠠᠶᠠᠯᠢᠭ ᠤᠨ ᠤᠷᠴᠢᠨ ᠲᠤᠭᠤᠷᠢᠨ ᠵᠡᠷᠭᠡ ᠪᠠᠶᠢᠳᠠᠯ ᠳᠤ ᠲᠤᠭ᠎ᠠ ᠪᠦᠷᠢᠤᠨᠬᠡᠯ ᠤᠨ ᠵᠠᠳᠠᠯᠤᠯᠳᠠ᠂ ᠲᠤᠭ᠎ᠠ ᠪᠦᠷᠢᠤᠨᠬᠡᠯ ᠤᠨ ᠬᠢᠨᠠᠨ ᠬᠡᠮᠵᠢᠯᠲᠡ ᠪᠠ ᠲᠤᠭ᠎ᠠ ᠪᠦᠷᠢᠤᠨᠬᠡᠯ ᠤᠨ ᠬᠢᠨᠠᠯᠲᠡ ᠲᠠᠯᠪᠢᠬᠤ ᠶᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠭ᠎ᠠ ᠪᠦᠷᠢᠤᠨᠬᠡᠯ ᠤᠨ ᠰᠤᠷᠠᠭ ᠵᠠᠩᠬᠢ ᠪᠠ ᠠᠰᠠᠭᠤᠨ ᠯᠠᠪᠯᠠᠬᠤ ᠰᠠᠨᠠᠭᠤᠯᠭ᠎ᠠ ᠲᠤᠷᠠᠳᠤᠨ᠎ᠠ᠃     ᠲᠤᠯᠤᠭ᠎ᠠ᠂ ᠲᠤᠭ᠎ᠠ ᠪᠦᠷᠢᠤᠨᠬᠡᠯ ᠤᠨ ᠲᠦᠷᠤᠯ ᠵᠦᠢᠯ ᠤᠨ ᠬᠠᠮᠢᠶᠠᠷᠤᠯᠲᠡ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠤᠨᠬᠡᠯ ᠤᠨ ᠪᠠᠶᠢᠴᠠᠭᠠᠯᠳᠠ ᠶᠢᠨ ᠲᠦᠷᠤᠯ ᠵᠦᠢᠯ ᠢ ᠬᠠᠤᠯᠢ ᠶᠤᠰᠤᠭᠠᠷ ᠬᠢᠨᠠᠨ ᠵᠦᠪᠰᠢᠶᠡᠷᠡᠬᠦ ᠪᠠ ᠲᠠᠩᠰᠠᠯᠠᠵᠤ᠂ ᠦᠨᠳᠤᠰᠤᠨ ᠠᠵᠢᠯ ᠢ ᠲᠤᠰᠬᠠᠶᠢᠯᠠᠨ ᠪᠦᠷᠢᠤᠨᠬᠡᠬᠦ᠂ ᠦᠨᠳᠤᠰᠤᠨ ᠱᠠᠳᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠳᠠ ᠶᠢ ᠪᠦᠷᠢᠤᠨᠬᠡᠬᠦ ᠶᠢ ᠵᠢᠯᠤᠭᠤᠳᠤᠨ᠂ ᠲᠤᠭ᠎ᠠ ᠪᠦᠷᠢᠤᠨᠬᠡᠯ ᠤᠨ ᠲᠤᠭ᠎ᠠ ᠪᠠᠷᠢᠮᠲᠡ ᠶᠢᠨ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠮᠡᠳᠡᠬᠦ ᠪᠠ ᠦᠨᠡᠯᠡᠬᠦ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠦ᠂ ᠴᠢᠬᠤᠯᠠ ᠶᠡᠭᠡ ᠲᠤᠭ᠎ᠠ ᠪᠦᠷᠢᠤᠨᠬᠡᠯ ᠤᠨ ᠲᠤᠭ᠎ᠠ ᠪᠠᠷᠢᠮᠲᠡ ᠶᠢᠨ ᠬᠢᠨᠠᠨ ᠬᠠᠷᠭᠤᠭᠤᠯᠬᠤ᠂ ᠬᠢᠨᠡᠨ ᠡᠵᠡᠮᠳᠡᠬᠦ ᠪᠠ ᠦᠨᠡᠯᠡᠬᠦ ᠶᠢ ᠦᠷᠨᠢᠬᠦᠯᠵᠤ᠂ ᠭᠠᠳᠠᠭᠠᠳᠤ ᠲᠠᠢ ᠬᠤᠯᠪᠤᠭᠳᠠᠬᠤ ᠪᠠᠶᠢᠴᠠᠭᠠᠯᠳᠠ ᠶᠢᠨ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠡ ᠲᠠᠯᠪᠢᠨ᠎ᠠ᠃     ᠨᠠᠢᠮᠠ᠂ ᠲᠤᠭ᠎ᠠ ᠪᠦᠷᠢᠤᠨᠬᠡᠯ ᠤᠨ ᠡᠩᠨᠡᠭᠡᠨ ᠤ ᠪᠠᠶᠢᠭᠤᠯᠤᠯᠳᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠶᠢ ᠬᠠᠮᠵᠢᠯᠴᠠᠨ ᠰᠤᠮᠤ ᠪᠠᠯᠭᠠᠰᠤ ᠶᠢᠨ ᠲᠤᠭ᠎ᠠ ᠪᠦᠷᠢᠤᠨᠬᠡᠭᠴᠢ ᠶᠢ ᠬᠠᠮᠢᠶᠠᠷᠤᠨ᠎ᠠ᠃ ᠪᠦᠬᠦ ᠬᠤᠰᠢᠭᠤᠨ ᠤ ᠲᠤᠭ᠎ᠠ ᠪᠦᠷᠢᠤᠨᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠤᠯᠪᠠᠰᠤᠷᠠᠯ᠂ ᠲᠤᠭ᠎ᠠ ᠪᠦᠷᠢᠤᠨᠬᠡᠯ ᠤᠨ ᠲᠤᠰᠬᠠᠢ ᠮᠡᠷᠬᠡᠵᠢᠯ ᠤᠨ ᠡᠩᠨᠡᠭᠡᠨ ᠤ ᠪᠠᠶᠢᠭᠤᠯᠤᠯᠳᠠ ᠵᠡᠷᠭᠡ ᠵᠡᠷᠭᠡ ᠠᠵᠢᠯ ᠢ ᠵᠢᠯᠤᠭᠤᠳᠤᠨ᠎ᠠ᠃     ᠶᠢᠰᠤ᠂ ᠲᠤᠭ᠎ᠠ ᠪᠦᠷᠢᠤᠨᠬᠡᠯ ᠤᠨ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠲᠤᠭ᠎ᠠ ᠪᠦᠷᠢᠤᠨᠬᠡᠯ ᠤᠨ ᠰᠤᠷᠠᠭ ᠵᠠᠩᠬᠢᠴᠢᠯᠠᠯᠳᠠ ᠶᠢᠨ ᠢᠨᠵᠧᠨᠧᠷᠢᠩ ᠤᠨ ᠪᠠᠶᠢᠭᠤᠯᠤᠯᠳᠠ ᠶᠢᠨ ᠲᠦᠯᠤᠪᠵᠢᠬᠦᠯᠭᠡ ᠶᠢ ᠲᠤᠭᠤᠷᠪᠢᠨ ᠲᠤᠭᠳᠠᠭᠠᠬᠤ ᠶᠢ ᠬᠠᠷᠢᠭᠤᠴᠠᠵᠤ᠂ ᠪᠦᠬᠦ ᠬᠤᠰᠢᠭᠤᠨ ᠤ ᠲᠤᠭ᠎ᠠ ᠪᠦᠷᠢᠤᠨᠬᠡᠯ ᠤᠨ ᠰᠤᠷᠠᠭ ᠵᠠᠩᠬᠢᠴᠢᠯᠠᠯᠳᠠ ᠶᠢᠨ ᠰᠢᠰᠲ᠋ᠧᠮ ᠢ ᠪᠠᠶᠢᠭᠤᠯᠤᠨ ᠬᠠᠮᠢᠶᠠᠷᠬᠤ ᠪᠠ ᠬᠠᠮᠠᠭᠠᠯᠠᠨ᠎ᠠ᠃ ᠡᠯ᠎ᠡ ᠰᠤᠮᠤ ᠪᠠᠯᠭᠠᠰᠤ ᠶᠢ ᠵᠢᠯᠤᠭᠤᠳᠤᠨ ᠲᠤᠭ᠎ᠠ ᠪᠦᠷᠢᠤᠨᠬᠡᠯ ᠤᠨ ᠰᠤᠷᠠᠭ ᠵᠠᠩᠬᠢᠴᠢᠯᠠᠯᠳᠠ ᠶᠢᠨ ᠰᠢᠰᠲ᠋ᠧᠮ ᠢ ᠪᠠᠶᠢᠭᠤᠯᠤᠨ᠎ᠠ᠃     ᠠᠷᠪᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃    
ᠢᠷᠡᠯᠲᠡ᠄ ᠲᠣᠲᠣᠷᠬᠠᠢ ᠦᠭᠡᠢ