ᠠᠷᠤᠨ ᠬᠤᠰᠢᠭᠤᠨ ᠤ ᠨᠢᠭᠡᠳᠦᠮᠡᠯ ᠹᠷᠤᠨᠲ ᠤᠨ ᠠᠵᠢᠯ ᠤᠨ ᠬᠡᠯᠲᠡᠰ ᠤᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
     ᠨᠢᠭᠡ᠂ ᠨᠠᠮ ᠠᠴᠠ ᠨᠢᠭᠡᠳᠦᠮᠡᠯ ᠹᠠᠷᠤᠨᠲ ᠳᠠᠬᠢ ᠠᠵᠢᠯ ᠢ ᠲᠦᠪᠯᠡᠷᠡᠭᠦᠯᠦᠨ ᠨᠢᠭᠡᠳᠦᠯᠲᠡᠢ ᠤᠳᠤᠷᠢᠳᠬᠤ ᠶᠢ ᠴᠢᠩᠭᠠᠳᠬᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠂ ᠨᠠᠮ ᠤᠨ ᠲᠥᠪ ᠤᠨ ᠬᠤᠷᠢᠶᠠᠨ ᠤ ᠨᠢᠭᠡᠳᠦᠮᠡᠯ ᠹᠠᠷᠤᠨᠲ ᠤᠨ ᠠᠵᠢᠯ ᠤᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠠᠵᠢᠯ ᠤᠨ ᠲᠠᠯ᠎ᠠ  ᠳᠠᠬᠢ ᠵᠦᠪᠯᠡᠭᠴᠢ ᠪᠠᠶᠢᠭᠤᠯᠤᠮᠵᠢ᠂ ᠵᠤᠬᠢᠶᠠᠨ ᠪᠠᠶᠢᠭᠤᠯᠤᠨ ᠵᠤᠬᠢᠴᠠᠭᠤᠯᠬᠤ ᠪᠠᠶᠢᠭᠤᠯᠤᠮᠵᠢ᠂ ᠪᠤᠲᠠᠲᠠᠢ ᠬᠡᠷᠡᠭᠵᠢᠭᠦᠯᠬᠦ ᠪᠠᠶᠢᠭᠤᠯᠤᠮᠵᠢ᠂ ᠱᠠᠭᠠᠷᠳᠠᠨ ᠪᠠᠶᠢᠴᠠᠭᠠᠬᠤ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠠᠷᠤᠨᠲ ᠤᠨ ᠠᠵᠢᠯ ᠤᠨ ᠲᠤᠬᠠᠢ ᠴᠢᠬᠤᠯᠠ ᠪᠠᠶᠢᠷᠢᠰᠢᠭᠤᠯᠤᠯᠲᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠠᠶᠢᠳᠠᠯ ᠢ ᠦᠢᠯᠠᠭᠠᠨ᠂ ᠲᠦᠷᠦ ᠶᠢᠨ ᠪᠤᠳᠤᠯᠭ᠎ᠠ ᠶᠢ ᠡᠵᠡᠮᠰᠢᠨ᠂ ᠬᠠᠷᠢᠴᠠᠭ᠎ᠠ ᠶᠢ ᠵᠤᠬᠢᠴᠠᠭᠤᠯᠵᠤ᠂ ᠬᠦᠮᠦᠨ ᠤ ᠶᠠᠪᠤᠳᠠᠯ ᠢ ᠲᠤᠬᠢᠷᠠᠭᠤᠯᠤᠨ᠂ ᠬᠠᠮᠲᠤ ᠶᠢᠨ ᠲᠠᠨᠢᠯᠲᠠ ᠶᠢ ᠴᠢᠩᠭᠠᠷᠠᠭᠤᠯᠵᠤ᠂ ᠪᠦᠯᠬᠦᠮᠳᠡᠯ ᠢ ᠴᠢᠩᠭᠠᠳᠬᠠᠨ᠂ ᠬᠠᠮᠤᠭ ᠦᠷᠭᠡᠨ ᠬᠡᠪᠴᠢᠶᠡᠨ ᠤ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠠᠷᠤᠨᠲ ᠢ ᠯᠠᠪᠳᠠᠭᠤᠨ ᠪᠠᠲᠤᠲᠠᠢ ᠬᠦᠴᠦᠷᠭᠡᠭᠵᠢᠭᠦᠯᠦᠨ᠎ᠡ᠃      ᠬᠤᠶᠠᠷ᠂ ᠨᠠᠮ ᠤᠨ ᠨᠢᠭᠡᠳᠦᠮᠡᠯ ᠹᠠᠷᠤᠨᠲ ᠤᠨ ᠠᠵᠢᠯ ᠤᠨ ᠤᠨᠤᠯ᠂ ᠲᠦᠷᠦ ᠶᠢᠨ ᠪᠤᠳᠤᠯᠭ᠎ᠠ ᠪᠠ ᠤᠯᠤᠰ ᠤᠨ ᠬᠤᠯᠪᠤᠭᠳᠠᠯ ᠪᠦᠬᠦᠢ ᠬᠠᠥᠯᠢ ᠴᠠᠭᠠᠵᠠ ᠬᠠᠥᠯᠢ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠨᠢᠭᠡᠳᠦᠮᠡᠯ ᠹᠷᠤᠨᠲ ᠤᠨ ᠠᠵᠢᠯ ᠤᠨ ᠪᠤᠲᠠᠲᠠᠢ ᠲᠦᠷᠦ ᠶᠢᠨ ᠪᠤᠳᠤᠯᠭ᠎ᠠ ᠶᠢ ᠰᠤᠳᠤᠯᠤᠨ ᠨᠤᠤᠷᠠᠭᠯᠠᠬᠤ ᠶᠢᠨ ᠬᠠᠮᠲᠤ ᠲᠥᠯᠬᠢᠨ ᠨᠠᠶᠢᠳᠠᠪᠤᠷᠢᠵᠢᠭᠤᠯᠵᠤ᠂ ᠭᠦᠨᠵᠡᠭᠡᠢ ᠪᠠᠶᠢᠴᠠᠭᠠᠨ ᠰᠤᠳᠤᠯᠵᠤ᠂ ᠬᠤᠰᠢᠭᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠳᠤ ᠪᠦᠬᠦ ᠬᠤᠰᠢᠭᠤᠨ ᠤ ᠨᠢᠭᠡᠳᠦᠮᠡᠯ ᠹᠷᠤᠨᠲ ᠤᠨ ᠠᠵᠢᠯ ᠤᠨ ᠪᠠᠶᠢᠳᠠᠯ ᠢ ᠮᠡᠳᠡᠭᠦᠯᠬᠦ ᠶᠢᠨ ᠬᠠᠮᠲᠤ ᠰᠠᠨᠠᠯ ᠳᠤᠷᠠᠳᠤᠨ ᠭᠠᠷᠭᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠶᠢᠨ ᠨᠢᠭᠡᠳᠦᠮᠡᠯ ᠹᠷᠤᠨᠲ ᠤᠨ ᠠᠵᠢᠯ ᠢ ᠨᠢᠭᠡᠳᠦᠯᠲᠡᠢ ᠲᠦᠯᠦᠪᠯᠡᠨ ᠵᠤᠬᠢᠴᠠᠭᠤᠯᠤᠨ ᠵᠢᠯᠤᠭᠤᠳᠤᠨ᠎ᠠ᠃      ᠭᠤᠷᠪᠠ᠂ ᠨᠠᠮ ᠤᠨ ᠪᠤᠰᠤ ᠬᠦᠮᠦᠰ ᠢ ᠬᠦᠮᠦᠵᠢᠭᠦᠯᠬᠦ ᠶᠢ ᠬᠠᠷᠢᠭᠤᠴᠠᠵᠤ᠂ ᠨᠠᠮ ᠤᠨ ᠪᠤᠰᠤ ᠬᠦᠮᠦᠰ ᠤᠨ ᠤᠯᠤᠰ ᠲᠦᠷᠦ ᠶᠢᠨ ᠲᠤᠬᠢᠷᠠᠭᠤᠯᠭ᠎ᠠ ᠶᠢ ᠬᠠᠷᠢᠭᠤᠴᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠠᠮ ᠤᠨ ᠪᠤᠰᠤ ᠬᠦᠮᠦᠰ ᠤᠨ ᠵᠠᠰᠠᠭ ᠤᠨ ᠤᠷᠳᠤᠨ ᠪᠠ ᠬᠠᠥᠯᠢ ᠴᠠᠭᠠᠵᠠ ᠶᠢᠨ ᠪᠠᠶᠢᠭᠤᠯᠤᠯᠭ᠎ᠠ ᠵᠡᠷᠭᠡ ᠤᠳᠤᠷᠢᠳᠬᠤ ᠲᠤᠰᠢᠶᠠᠯ ᠢ ᠡᠭᠦᠷᠭᠡᠯᠡᠬᠦ ᠠᠵᠢᠯ ᠢ ᠰᠠᠶᠢᠲᠤᠷ ᠲᠤᠬᠢᠷᠠᠭᠤᠯᠵᠤ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠢ ᠬᠠᠮᠵᠢᠨ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠨᠠᠮ ᠤᠨ ᠪᠤᠰᠤ ᠬᠦᠮᠦᠰ ᠤᠨ ᠠᠵᠢᠯ ᠠᠮᠢᠳᠤᠷᠠᠯ ᠳᠤᠮᠳᠠᠬᠢ ᠪᠤᠲᠠᠲᠠᠢ ᠬᠦᠴᠢᠷᠳᠡᠯ ᠢ ᠲᠤᠰᠬᠠᠨ ᠵᠤᠬᠢᠴᠠᠭᠤᠯᠤᠨ ᠰᠢᠢᠳᠪᠦᠷᠢᠯᠡᠨ᠎ᠡ᠃      ᠳᠦᠷᠪᠡ᠂ ᠨᠠᠮ ᠤᠨ ᠤᠬᠠᠭᠤᠯᠭ᠎ᠠ ᠶᠢᠨ ᠠᠵᠢᠯ ᠤᠨ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠨᠢᠭᠡᠳᠦᠮᠡᠯ ᠹᠷᠤᠨᠲ ᠤᠨ ᠤᠬᠠᠭᠤᠯᠭ᠎ᠠ ᠶᠢᠨ ᠠᠵᠢᠯ ᠢ ᠨᠢᠭᠡᠳᠦᠯᠲᠡᠢ ᠲᠦᠯᠦᠪᠯᠡᠨ ᠲᠥᠯᠬᠢᠨ ᠠᠬᠢᠭᠤᠯᠵᠤ᠂ ᠪᠦᠬᠦ ᠬᠤᠰᠢᠭᠤᠨ ᠤ ᠨᠢᠭᠡᠳᠦᠮᠡᠯ ᠹᠷᠤᠨᠲ ᠤᠨ ᠤᠬᠠᠭᠤᠯᠭ᠎ᠠ ᠶᠢᠨ ᠠᠵᠢᠯ ᠤᠨ ᠲᠦᠯᠦᠪᠵᠢᠭᠦᠯᠬᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠨᠢᠭᠡᠳᠦᠮᠡᠯ ᠹᠷᠤᠨᠲ ᠤᠨ ᠠᠵᠢᠯ ᠳᠤ ᠬᠤᠯᠪᠤᠭᠳᠠᠭᠰᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠶᠢᠨ ᠬᠠᠮᠲᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠠᠷᠭᠠᠴᠠᠭᠠᠨ ᠰᠢᠢᠳᠪᠦᠷᠢᠯᠡᠨ᠎ᠡ᠃      ᠲᠠᠪᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠭᠦᠨ ᠲᠠᠢ ᠬᠠᠷᠢᠯᠴᠠᠬᠤ ᠶᠢ ᠬᠠᠷᠢᠭᠤᠴᠠᠵᠤ᠂ ᠪᠠᠶᠢᠳᠠᠯ ᠢ ᠮᠡᠳᠡᠭᠦᠯᠦᠨ ᠰᠠᠨᠠᠯ ᠢ ᠲᠤᠰᠬᠠᠵᠤ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡᠨ ᠤ ᠳᠦᠷᠢᠮ ᠵᠢᠴᠢ ᠠᠷᠠᠳᠴᠢᠯᠠᠭᠰᠠᠨ ᠨᠠᠮ ᠪᠦᠯᠦᠭ ᠤᠨ ᠴᠢᠭᠯᠡᠯᠲᠡ ᠲᠦᠷᠦ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠭᠦᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ ᠬᠠᠪᠰᠤᠷᠴᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠡᠰᠢᠭᠦᠨ ᠤ ᠭᠦᠢᠴᠡᠳᠭᠡᠬᠦ ᠡᠭᠦᠷᠭᠡ᠂ ᠦᠢᠯᠡᠳᠤᠯ ᠢᠶᠠᠨ ᠪᠠᠳᠠᠷᠠᠭᠤᠯᠬᠤ ᠠᠵᠢᠯ ᠢ ᠳᠡᠮᠵᠢᠬᠦ ᠶᠢ ᠰᠠᠶᠢᠲᠤᠷ ᠬᠢᠨ᠎ᠡ᠃      ᠵᠢᠷᠭᠤᠭ᠎ᠠ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠤ ᠠᠵᠢᠯ ᠤᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠤᠪᠢᠶᠠᠷᠢᠯᠠᠯ ᠢᠶᠠᠷ ᠴᠦᠭᠡᠨ ᠲᠤᠭᠠᠲᠤ ᠦᠨᠳᠦᠰᠦᠲᠡᠨ ᠤ ᠺᠠᠳ᠋ᠷ ᠤᠨ ᠠᠵᠢᠯ ᠢ ᠰᠠᠶᠢᠲᠤᠷ ᠬᠢᠵᠤ᠂ ᠬᠠᠭᠤᠴᠢᠨ ᠪᠠᠷᠭᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠢ ᠤᠳᠤᠷᠢᠳᠤᠨ ᠦᠨᠳᠦᠰᠦᠲᠡᠨ ᠤ ᠬᠡᠷᠡᠭ ᠡᠷᠬᠢᠯᠡᠬᠦ ᠶᠢ ᠬᠠᠮᠢᠶᠠᠷᠬᠤ ᠶᠢ ᠬᠠᠥᠯᠢ ᠶᠤᠰᠤᠭᠠᠷ ᠬᠠᠮᠢᠶᠠᠷᠴᠦ᠂ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃      ᠳᠤᠯᠤᠭ᠎ᠠ᠂ ᠱᠠᠰᠢᠨ ᠰᠤᠷᠳᠠᠬᠤᠨ ᠤ ᠠᠵᠢᠯ ᠢ ᠨᠢᠭᠡᠳᠦᠯᠲᠡᠢ ᠬᠠᠮᠢᠶᠠᠷᠴᠦ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠱᠠᠰᠢᠨ ᠰᠤᠷᠳᠠᠬᠤᠨ ᠤ ᠠᠵᠢᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ ᠨᠤᠤᠷᠠᠭᠯᠠᠬᠤ ᠶᠢᠨ ᠬᠠᠮᠲᠤ ᠳᠠᠭᠠᠭᠤᠯᠤᠨ ᠨᠠᠶᠢᠳᠠᠪᠤᠷᠢᠵᠢᠭᠤᠯᠤᠨ᠎ᠠ᠃ ᠱᠠᠰᠢᠨ ᠰᠤᠷᠳᠠᠬᠤᠨ ᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠠᠥᠯᠢ ᠶᠤᠰᠤᠭᠠᠷ ᠬᠠᠮᠢᠶᠠᠷᠴᠦ ᠂ ᠡᠷᠬᠡᠲᠤ ᠠᠷᠠᠳ ᠤᠨ ᠱᠠᠰᠢᠨ ᠰᠤᠷᠳᠠᠬᠤᠨ ᠤ ᠰᠢᠲᠤᠭᠡᠨ ᠤ ᠡᠷᠬᠡ ᠴᠢᠯᠦᠭᠡ ᠪᠠ ᠡᠩ ᠤᠨ ᠱᠠᠰᠢᠨ ᠰᠤᠷᠳᠠᠬᠤᠨ ᠤ ᠬᠦᠳᠡᠯᠭᠡᠭᠡᠨ ᠢ ᠬᠠᠮᠠᠭᠠᠯᠠᠵᠤ᠂ ᠱᠠᠰᠢᠨ ᠰᠤᠷᠳᠠᠬᠤᠨ ᠬᠢᠨ ᠤ ᠬᠠᠥᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠢᠯᠢ ᠶᠢᠨ ᠭᠠᠳᠠᠨᠠᠬᠢ ᠬᠦᠮᠦᠰ ᠤᠨ ᠱᠠᠰᠢᠨ ᠰᠤᠷᠳᠠᠬᠤᠨ ᠢᠶᠠᠷ ᠨᠡᠪᠴᠢᠭᠦᠯᠬᠦ ᠶᠢ ᠡᠰᠡᠷᠭᠦᠴᠡᠨ᠎ᠡ᠃ ᠡᠯ᠎ᠡ ᠱᠠᠰᠢᠨ ᠰᠤᠷᠳᠠᠬᠤᠨ ᠤ ᠳᠤᠮᠳᠠᠴᠢᠯᠠᠬᠤ ᠴᠢᠭᠯᠡᠯ ᠢ ᠬᠦᠳᠦᠯᠵᠦ᠂ ᠱᠠᠰᠢᠨ ᠰᠤᠷᠳᠠᠬᠤᠨ ᠬᠢᠨ ᠤ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠠᠷᠤᠨᠲ ᠶᠢ ᠲᠡᠭᠦᠯᠳᠡᠷᠵᠢᠭᠦᠯᠦᠨ ᠬᠥᠭᠵᠢᠭᠦᠯᠦᠨ᠎ᠡ᠃      ᠨᠠᠢᠮᠠ᠂ ᠨᠠᠮ ᠤᠨ ᠲᠦᠪ ᠬᠤᠷᠢᠶᠠᠨ ᠤ ᠨᠠᠮ ᠪᠦᠯᠦᠭ ᠤᠨ ᠪᠤᠰᠤ ᠬᠦᠮᠦᠰ᠂ ᠨᠠᠮ ᠤᠨ ᠭᠠᠳᠠᠨᠠᠭᠢ ᠰᠡᠭᠡᠭᠡᠲᠡᠨ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠦᠮᠦᠰ᠂ ᠭᠠᠳᠠᠭᠠᠲᠤ ᠳᠤ ᠰᠤᠷᠤᠯᠴᠠᠭᠰᠠᠳ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠦᠯᠦᠭ ᠤᠨ ᠪᠤᠰᠤ ᠲᠦᠯᠦᠭᠡᠯᠡᠭᠴᠢ ᠲᠠᠢ ᠬᠠᠷᠢᠯᠴᠠᠵᠤ᠂ ᠳᠠᠪᠲᠠᠨ ᠪᠤᠯᠪᠠᠰᠤᠷᠠᠭᠤᠯᠵᠤ᠂ ᠨᠠᠮ ᠪᠦᠯᠦᠭ ᠤᠨ ᠪᠤᠰᠤ ᠬᠦᠮᠦᠰ ᠤᠨ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠠ᠃ ᠨᠠᠮ ᠤᠨ ᠪᠤᠰᠤ ᠰᠡᠭᠡᠭᠡᠲᠡᠨ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠦᠮᠦᠰ᠂ ᠭᠠᠳᠠᠭᠠᠲᠤ ᠳᠤ ᠰᠤᠷᠤᠯᠴᠠᠭᠰᠠᠳ ᠤᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠦ᠂ ᠲᠦᠯᠦᠭᠡᠯᠡᠭᠴᠢ ᠲᠠᠢ ᠬᠠᠷᠢᠯᠴᠠᠵᠤ᠂ ᠪᠤᠯᠪᠠᠰᠤᠷᠠᠭᠤᠯᠤᠨ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠦᠷᠨᠢᠭᠦᠯᠵᠦ᠂ ᠬᠤᠯᠪᠤᠭᠳᠠᠯ ᠪᠦᠬᠦᠢ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠵᠢᠯᠤᠭᠤᠳᠴᠦ᠂ ᠨᠠᠮ ᠤᠨ ᠭᠠᠳᠠᠨᠠᠬᠢ ᠰᠡᠭᠡᠭᠡᠲᠡᠨ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠦᠮᠦᠰ᠂ ᠭᠠᠳᠠᠭᠠᠲᠤ ᠳᠤ ᠰᠤᠷᠤᠯᠴᠠᠭᠰᠠᠳ ᠤᠨ ᠨᠢᠭᠡᠳᠦᠮᠡᠯ ᠹᠠᠷᠤᠨᠲ ᠤᠨ ᠠᠵᠢᠯ ᠢ ᠰᠠᠶᠢᠲᠤᠷ ᠬᠢᠨ᠎ᠡ᠃       ᠶᠢᠰᠦ᠂ ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠨ ᠲᠤᠭᠲᠠᠭᠠᠵᠤ᠂ ᠬᠦᠬᠢᠭᠦᠯᠦᠨ ᠳᠡᠮᠵᠢᠵᠤ ᠬᠦᠲᠦᠯᠬᠦ ᠶᠢᠨ ᠬᠠᠮᠲᠤ ᠲᠥᠯᠬᠢᠨ ᠠᠬᠢᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡ ᠶᠢᠨ ᠦᠮᠴᠢᠯᠡᠯᠲᠤ ᠪᠤᠰᠤ ᠠᠵᠤ ᠠᠬᠤᠶᠢᠯᠠᠯᠲᠠᠨ ᠤ ᠪᠠᠶᠢᠳᠠᠯ ᠢ ᠪᠠᠶᠢᠴᠠᠭᠠᠨ ᠰᠤᠳᠤᠯᠬᠤ ᠶᠢ ᠦᠷᠨᠢᠭᠦᠯᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠦ᠂ ᠨᠡᠶᠢᠲᠡ ᠶᠢᠨ ᠦᠮᠴᠢᠯᠡᠯᠲᠤ ᠪᠤᠰᠤ ᠠᠵᠤ ᠠᠬᠤᠶᠢᠯᠠᠯᠲᠠᠨ ᠤ ᠰᠠᠨᠠᠯ ᠢ ᠤᠶᠢᠯᠠᠭᠠᠨ ᠲᠤᠰᠬᠠᠵᠤ᠂ ᠨᠡᠶᠢᠲᠡ ᠶᠢᠨ ᠦᠮᠴᠢᠯᠡᠯᠲᠤ ᠪᠤᠰᠤ ᠠᠵᠤ ᠠᠬᠤᠶᠢᠯᠠᠯᠲᠠᠨ ᠲᠠᠢ ᠪᠦᠯᠭᠦᠮᠳᠡᠨ᠂ ᠦᠢᠯᠡᠴᠢᠯᠡᠵᠤ᠂ ᠬᠦᠳᠦᠯᠤᠨ᠂ ᠬᠦᠮᠦᠵᠢᠭᠦᠯᠵᠤ᠂ ᠨᠡᠶᠢᠲᠡ ᠶᠢᠨ ᠦᠮᠴᠢᠯᠡᠯᠲᠤ ᠪᠤᠰᠤ ᠠᠵᠤ ᠠᠬᠤᠶᠢᠯᠠᠯ ᠤᠨ ᠡᠷᠡᠭᠦᠯ ᠬᠥᠭᠵᠢᠯᠲᠡ ᠪᠠ ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠶᠢᠯᠠᠯᠲᠠᠨ ᠤ ᠡᠷᠡᠭᠦᠯ ᠪᠤᠶᠢᠵᠢᠯᠲᠠ ᠶᠢ ᠠᠬᠢᠭᠤᠯᠤᠨ᠎ᠠ᠃      ᠠᠷᠪᠠ᠂ ᠰᠢᠶᠠᠩᠭᠠᠩ ᠤᠤᠮᠧᠨ ᠲᠠᠶᠢᠸᠠᠨ ᠤ ᠭᠠᠳᠠᠭᠠᠲᠤ ᠶᠢᠨ ᠨᠢᠭᠡᠳᠦᠮᠡᠯ ᠹᠷᠤᠨᠲ ᠤᠨ ᠠᠵᠢᠯ ᠢ ᠨᠢᠭᠡᠲᠦᠯᠲᠡᠢ ᠤᠳᠤᠷᠢᠳᠤᠨ᠎ᠠ᠃ ᠰᠢᠶᠠᠩᠭᠠᠩ ᠤᠤᠮᠧᠨ ᠤ ᠭᠠᠵᠠᠷ ᠤᠷᠤᠨ ᠤ ᠪᠠᠶᠢᠳᠠᠯ ᠢ ᠦᠢᠯᠠᠭᠠᠨ ᠡᠵᠡᠮᠳᠠᠵᠤ᠂ ᠪᠦᠬᠦ ᠬᠤᠰᠢᠭᠤᠨ ᠤ ᠰᠢᠶᠠᠩᠭᠠᠩ ᠤᠤᠮᠧᠨ ᠤ ᠨᠢᠭᠡᠳᠦᠮᠡᠯ ᠹᠷᠤᠨᠲ ᠤᠨ ᠠᠵᠢᠯ ᠤᠨ ᠰᠠᠨᠠᠭᠤᠯᠭ᠎ᠠ ᠶᠢ ᠳᠤᠷᠠᠳᠤᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠲᠠᠭᠠᠭᠰᠠᠨ ᠲᠠᠶᠢᠸᠠᠨ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠲᠠᠶᠢᠸᠠᠨ ᠤ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠤᠨ᠂ ᠬᠠᠮᠢᠶᠠᠷᠴᠦ᠂ ᠵᠤᠬᠢᠴᠠᠭᠤᠯᠵᠤ᠂ ᠲᠠᠶᠢᠸᠠᠨ ᠳᠤ ᠤᠬᠠᠭᠤᠯᠬᠤ᠂ ᠲᠠᠶᠢᠸᠠᠨ ᠳᠤ ᠬᠤᠯᠪᠤᠭᠳᠠᠬᠤ ᠬᠦᠮᠦᠵᠢᠯ ᠤᠨ ᠠᠵᠢᠯ ᠢ ᠦᠷᠨᠢᠭᠦᠯᠵᠦ᠂ ᠪᠦᠬᠦ ᠬᠤᠰᠢᠭᠤᠨ ᠤ ᠲᠠᠶᠢᠸᠠᠨ ᠲᠠᠢ ᠰᠤᠯᠢᠯᠴᠠᠵᠤ ᠶᠠᠪᠤᠯᠴᠠᠬᠤ ᠠᠵᠢᠯ ᠢ ᠵᠢᠯᠤᠭᠤᠳᠴᠦ᠂ ᠲᠠᠶᠢᠸᠠᠨ ᠲᠠᠢ ᠬᠤᠯᠪᠤᠭᠳᠠᠬᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠠᠮᠢᠶᠠᠷᠤᠨ᠂ ᠲᠠᠶᠢᠸᠠᠨ ᠤ ᠠᠵᠤ ᠠᠬᠤᠢ ᠠᠷᠠᠯᠵᠢᠶᠠᠨ ᠤ ᠠᠵᠢᠯ ᠢ ᠵᠤᠬᠢᠴᠠᠭᠤᠯᠤᠨ ᠵᠢᠯᠤᠭᠤᠳᠤᠨ᠎ᠠ᠃ ᠲᠠᠶᠢᠸᠠᠨ ᠤ ᠠᠬ᠎ᠠ ᠲᠡᠭᠦᠦ ᠨᠠᠷ᠂ ᠲᠠᠶᠢᠸᠠᠨ ᠳᠤ ᠰᠠᠭᠤᠭ᠎ᠠ ᠬᠦᠮᠦᠰ ᠤᠨ ᠲᠦᠷᠦᠯ ᠰᠠᠲᠤᠨ ᠤᠨ ᠬᠤᠯᠪᠤᠭᠳᠠᠯ ᠪᠦᠬᠦᠢ ᠠᠵᠢᠯ ᠢ ᠰᠠᠶᠢᠲᠤᠷ ᠬᠢᠨ᠎ᠡ᠃ ᠨᠠᠮ ᠤᠨ ᠲᠥᠪ ᠬᠤᠷᠢᠶᠠᠨ ᠤ ᠭᠠᠳᠠᠭᠠᠲᠤ ᠶᠢᠨ ᠨᠢᠭᠡᠳᠦᠮᠡᠯ ᠹᠷᠤᠨᠲ ᠤᠨ ᠠᠵᠢᠯ ᠲᠦᠷᠦ ᠶᠢᠨ ᠪᠤᠳᠤᠯᠭ᠎ᠠ ᠪᠠ ᠲᠦᠯᠦᠪᠵᠢᠭᠦᠯᠭᠡ ᠶᠢᠨ ᠲᠤᠬᠠᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠴᠠᠭᠠᠨ ᠨᠠᠶᠢᠳᠠᠪᠤᠷᠢᠵᠢᠭᠤᠯᠤᠨ᠎ᠠ᠃ ᠰᠢᠶᠠᠩᠭᠠᠩ᠂ ᠤᠤᠮᠧᠨ᠂ ᠲᠠᠶᠢᠸᠠᠨ ᠵᠢᠴᠢ ᠭᠠᠳᠠᠭᠠᠲᠤ ᠶᠢᠨ ᠬᠤᠯᠪᠤᠭᠳᠠᠯ ᠪᠦᠬᠦᠢ ᠨᠠᠮ ᠪᠦᠯᠦᠭ᠂ ᠨᠡᠶᠢᠭᠡᠮ ᠤᠨ ᠪᠦᠯᠬᠦᠮ ᠵᠢᠴᠢ ᠲᠦᠯᠦᠭᠡᠯᠡᠭᠴᠢᠳ ᠲᠠᠢ ᠬᠠᠷᠢᠯᠴᠠᠨ᠎ᠠ᠃ ᠨᠢᠭᠡᠳᠦᠮᠡᠯ ᠹᠠᠷᠤᠨᠲ ᠤᠨ ᠭᠠᠳᠠᠭᠠᠲᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃      ᠠᠷᠪᠠᠨ ᠨᠢᠭᠡ᠂ ᠪᠦᠬᠦ ᠬᠤᠰᠢᠭᠤᠨ ᠤ ᠬᠠᠷᠢᠶᠠᠲᠤ ᠶᠢᠨ ᠠᠵᠢᠯ ᠢ ᠨᠢᠭᠡᠳᠦᠯᠲᠡᠢ ᠬᠠᠮᠢᠶᠠᠷᠴᠦ᠂ ᠨᠠᠮ ᠤᠨ ᠬᠠᠷᠢᠶᠠᠲᠤ ᠶᠢᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠬᠠᠷᠢᠶᠠᠲᠤ ᠶᠢᠨ ᠪᠠᠶᠢᠳᠠᠯ ᠪᠠ ᠬᠠᠷᠢᠶᠠᠲᠤ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠷᠢᠶᠠᠲᠤ ᠶᠢᠨ ᠠᠵᠢᠯ ᠤᠨ ᠲᠦᠷᠦ ᠶᠢᠨ ᠪᠤᠳᠤᠯᠭ᠎ᠠ ᠶᠢᠨ ᠲᠦᠯᠦᠪᠵᠢᠭᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠱᠠᠭᠠᠷᠳᠠᠨ ᠪᠠᠶᠢᠴᠠᠭᠠᠨ ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠡᠶᠢᠭᠡᠮ ᠤᠨ ᠪᠦᠯᠬᠦᠮ ᠤᠨ ᠬᠠᠷᠢᠶᠠᠲᠤ ᠳᠤ ᠬᠤᠯᠪᠤᠭᠳᠠᠬᠤ ᠠᠵᠢᠯ ᠢ ᠨᠢᠭᠡᠳᠦᠯᠲᠡᠢ ᠲᠦᠯᠦᠪᠯᠡᠨ ᠵᠤᠬᠢᠴᠠᠭᠤᠯᠵᠤ᠂ ᠭᠠᠳᠠᠭᠠᠲᠤ ᠶᠢᠨ ᠬᠠᠷᠢᠶᠠᠲᠤ ᠶᠢᠨ ᠪᠦᠯᠬᠦᠮ ᠵᠢᠴᠢ ᠲᠦᠯᠦᠭᠡᠯᠡᠭᠴᠢ ᠲᠠᠢ ᠬᠠᠷᠢᠯᠴᠠᠨ᠎ᠠ᠃ ᠬᠠᠷᠢᠶᠠᠲᠤ ᠳᠤ ᠬᠤᠯᠪᠤᠭᠳᠠᠬᠤ ᠤᠬᠠᠭᠤᠯᠭ᠎ᠠ᠂ ᠰᠤᠶᠤᠯ ᠤᠨ ᠰᠤᠯᠢᠯᠴᠠᠭ᠎ᠠ᠂ ᠬᠢᠲᠠᠳ ᠪᠢᠴᠢᠭ ᠤᠨ ᠰᠤᠷᠭᠠᠨ ᠬᠦᠮᠦᠵᠢᠯ ᠵᠡᠷᠭᠡ ᠠᠵᠢᠯ ᠢ ᠵᠢᠯᠤᠭᠤᠳᠤᠨ ᠲᠥᠯᠬᠢᠨ ᠠᠬᠢᠭᠤᠯᠵᠤ᠂ ᠲᠤᠮᠲᠠᠲᠤ ᠶᠢᠨ ᠬᠠᠷᠢᠶᠠᠲᠤ ᠪᠠ ᠤᠯᠤᠰ  ᠲᠠᠭᠠᠨ ᠪᠤᠴᠠᠵᠤ ᠢᠷᠡᠭᠰᠡᠨ ᠬᠠᠷᠢᠶᠠᠲᠤ ᠪᠠ ᠬᠠᠷᠢᠶᠠᠲᠤ ᠶᠢᠨ ᠬᠡᠷ ᠪᠦᠯᠢ ᠶᠢᠨ ᠬᠠᠥᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃      ᠠᠷᠪᠠᠨ ᠬᠤᠶᠠᠷ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠤᠨᠲ ᠤᠨ ᠭᠡᠰᠢᠭᠦᠨ ᠢ ᠬᠠᠮᠵᠢᠯᠴᠠᠨ ᠬᠠᠮᠢᠶᠠᠷᠤᠨ᠎ᠠ᠃ ᠬᠤᠰᠢᠭᠤ ᠨᠠᠮ ᠤᠨ ᠬᠤᠷᠢᠶᠠᠨ ᠤ ᠨᠠᠶᠢᠳᠠᠯᠭ᠎ᠠ ᠪᠠᠷ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠨᠠᠮ ᠤᠨ ᠲᠤᠭᠤᠶᠢᠯᠠᠩ ᠢ ᠤᠳᠤᠷᠢᠳᠴᠦ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠠᠵᠢᠯ ᠢ ᠵᠢᠯᠤᠭᠤᠳᠤᠨ᠎ᠠ᠃ ᠠᠷᠤᠨ ᠬᠤᠰᠢᠭᠤᠨ ᠤ ᠨᠠᠶᠢᠭᠡᠮ ᠵᠢᠷᠤᠮ ᠤᠨ ᠲᠡᠭᠡᠲᠤ ᠰᠤᠷᠭᠠᠭᠤᠯᠢ ᠶᠢᠨ ᠠᠵᠢᠯ ᠢ ᠵᠢᠯᠤᠭᠤᠳᠤᠨ ᠬᠠᠮᠢᠶᠠᠷᠤᠨ᠎ᠠ᠃ ᠨᠢᠭᠡᠳᠤᠮᠠᠯ ᠹᠷᠤᠨᠲ ᠤᠨ ᠬᠤᠯᠪᠤᠭᠳᠠᠯ ᠪᠦᠬᠦᠢ ᠨᠢᠭᠡᠴᠡ ᠪᠠ ᠪᠦᠯᠬᠦᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃      ᠠᠷᠪᠠᠨ ᠭᠤᠷᠪᠠ᠂ ᠬᠤᠰᠢᠭᠤ ᠨᠠᠮ ᠤᠨ ᠬᠤᠷᠢᠶ᠎ᠠ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠣᠲᠣᠷᠬᠠᠢ ᠦᠭᠡᠢ