ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠦᠷᠦ᠂ | ᠬᠠᠮᠢᠶᠠᠷᠤᠯᠲᠠ ᠶᠢᠨ ᠪᠠᠲᠤᠯᠠᠭ᠎ᠠ ᠪᠠ ᠬᠠᠷᠠᠭᠠᠯᠵᠠᠨ ᠲᠤᠬᠢᠷᠠᠭᠤᠯᠬᠤ ᠲᠤᠬᠠᠢ ᠬᠠᠥᠯᠢ ᠴᠠᠭᠠᠵᠠ ᠬᠠᠥᠯᠢ ᠳᠦᠷᠢᠮ ᠵᠢᠴᠢ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠭᠦᠢᠴᠡᠳᠭᠡᠬᠦ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤ ᠪᠦᠬᠦ ᠬᠤᠰᠢᠭᠤᠨ ᠤ | ᠴᠡᠷᠢᠭ ᠤᠨ ᠠᠯᠪᠠᠨ ᠠᠴᠠ ᠪᠠᠭᠤᠭᠰᠠᠳ ᠤᠨ ᠤᠨᠴᠠᠭᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠦᠯᠦᠭᠡ ᠦᠷᠡᠭᠳᠡᠵᠦ ᠬᠠᠨᠳᠢᠪᠯᠠᠬᠤ ᠵᠤᠷᠢᠭ | ᠰᠠᠨᠠᠭᠠᠨ ᠤ ᠬᠡᠪ ᠨᠠᠮᠪᠠ ᠪᠠ ᠦᠷᠳᠡᠭ ᠤᠨ ᠬᠦᠲᠦᠯᠦᠮᠵᠢ ᠶᠢ ᠰᠠᠶᠢᠰᠢᠶᠠᠨ ᠮᠠᠭᠲᠠᠨ᠎ᠠ᠃ | ᠬᠤᠶᠠᠷ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠭᠦᠯᠬᠦ ᠠᠵᠢᠯ ᠢ ᠬᠠᠷᠢᠭᠤᠴᠠᠨ᠎ᠠ᠃ ᠴᠡᠷᠢᠭ ᠠᠩᠭᠢ ᠠᠴᠠ ᠠᠵᠢᠯ ᠳᠤ ᠰᠢᠯᠵᠢᠭᠰᠡᠨ ᠺᠠᠳ᠋ᠷ᠂ | ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠢᠴᠢ | ᠳᠠᠭᠠᠵᠤ ᠰᠢᠯᠵᠢᠭᠦᠯᠦᠭᠰᠡᠨ ᠬᠡᠷ ᠪᠦᠯᠢ ᠶᠢ ᠰᠢᠯᠵᠢᠭᠦᠯᠦᠨ ᠲᠤᠰᠢᠶᠠᠵᠤ ᠲᠦᠪᠬᠢᠨᠡᠭᠦᠯᠬᠦ ᠠᠵᠢᠯ ᠢ ᠲᠦᠯᠦᠪᠯᠡᠨ ᠲᠤᠬᠢᠷᠠᠭᠤᠯᠬᠤ ᠶᠢ ᠬᠠᠷᠢᠭᠤᠴᠠᠨ᠎ᠠ᠃ ᠪᠦᠬᠦ | ᠬᠤᠰᠢᠭᠤᠨ ᠤ ᠦᠪᠡᠷ ᠢᠶᠠᠨ ᠡᠷᠬᠡ ᠮᠡᠳᠡᠨ ᠠᠵᠢᠯ ᠰᠤᠩᠭᠤᠬᠤ᠂ ᠦᠪᠡᠷ ᠢᠶᠠᠨ ᠡᠷᠬᠡ ᠮᠡᠳᠡᠨ ᠠᠵᠢᠯ ᠤᠯᠬᠤ ᠴᠡᠷᠢᠭ ᠤᠨ ᠠᠯᠪᠠᠨ ᠠᠴᠠ ᠪᠠᠭᠤᠭᠰᠠᠳ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠭᠤᠷᠪᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠪᠤᠯᠪᠠᠰᠤᠷᠠᠯ ᠠᠵᠢᠯ ᠤᠯᠭᠤᠯᠲᠠ ᠶᠢᠨ ᠠᠵᠢᠯ ᠢ ᠵᠢᠯᠤᠭᠤᠳᠤᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠰᠤᠷᠭᠠᠨ ᠬᠦᠮᠦᠵᠢᠯ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠴᠡᠷᠢᠭ ᠤᠨ ᠠᠯᠪᠠᠨ ᠠᠴᠠ ᠪᠠᠭᠤᠭᠰᠠᠳ ᠪᠠ ᠴᠡᠷᠢᠭ ᠢ | ᠳᠠᠭᠠᠵᠤ ᠪᠠᠶᠢᠭ᠎ᠠ ᠴᠡᠷᠢᠭ ᠤᠨ ᠬᠡᠷ ᠪᠦᠯᠢ ᠶᠢᠨ ᠦᠢᠯᠡᠰ ᠪᠣᠰᠬᠠᠵᠤ ᠠᠵᠢᠯ ᠤᠯᠬᠤ ᠶᠢ ᠵᠤᠬᠢᠴᠠᠭᠤᠯᠤᠨ ᠳᠡᠮᠵᠢᠨ᠎ᠡ᠃ | ᠳᠦᠷᠪᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠭᠠᠵᠠᠷ ᠤᠷᠤᠨ ᠤ | ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠴᠡᠷᠢᠭ᠂ ᠨᠦᠭᠦᠴᠡᠯ ᠳᠤ ᠨᠡᠶᠢᠴᠡᠭᠰᠡᠨ ᠪᠤᠰᠤᠳ ᠴᠡᠷᠢᠭ ᠤᠨ ᠠᠯᠪᠠᠨ ᠠᠴᠠ ᠪᠠᠭᠤᠭᠰᠠᠳ ᠤᠨ ᠰᠠᠭᠤᠬᠤ | ᠬᠡᠷ ᠤᠨ ᠪᠠᠲᠤᠯᠠᠭ᠎ᠠ ᠶᠢᠨ ᠠᠵᠢᠯ ᠢ ᠰᠢᠯᠵᠢᠭᠦᠯᠦᠨ ᠲᠤᠰᠢᠶᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ ᠨᠠᠶᠢᠳᠠᠪᠤᠷᠢᠵᠢᠭᠤᠯᠬᠤ ᠪᠠ ᠴᠡᠷᠢᠭ ᠤᠨ ᠠᠯᠪᠠᠨ ᠠᠴᠠ | ᠪᠠᠭᠤᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ | ᠵᠠᠭᠤᠴᠢ ᠦᠢᠯᠡᠴᠢᠯᠡᠭᠡᠨ ᠤ ᠠᠵᠢᠯ ᠢ ᠵᠢᠯᠤᠭᠤᠳᠤᠨ ᠦᠷᠨᠢᠭᠦᠯᠦᠨ᠎ᠡ᠃ | ᠲᠠᠪᠤ᠂ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ | ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶ᠎ᠠ ᠪᠦᠬᠦᠢ ᠡᠮ ᠡᠮᠨᠡᠯᠭᠡ᠂ ᠰᠤᠪᠢᠯᠠᠯᠲᠠ᠂ ᠨᠠᠰᠤᠵᠢᠯ ᠵᠡᠷᠭᠡ | ᠪᠠᠶᠢᠭᠤᠯᠤᠮᠵᠢ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠵᠤ ᠲᠡᠶᠢᠯᠬᠦ ᠦᠭᠡᠢ | ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠤᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠵᠦ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ᠵᠢᠷᠭᠤᠭ᠎ᠠ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠣᠳᠤ ᠠᠯᠪᠠ ᠬᠠᠭᠠᠵᠤ | ᠪᠠᠶᠢᠭ᠎ᠠ ᠴᠡᠷᠢᠭ᠂ ᠴᠡᠷᠢᠭ ᠤᠨ ᠠᠯᠪᠠᠨ ᠠᠴᠠ ᠪᠠᠭᠤᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠬᠡᠷ ᠪᠦᠯᠢ ᠶᠢ ᠬᠠᠷᠠᠭᠠᠯᠠᠵᠠᠬᠤ᠂ | ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃ | ᠳᠤᠯᠤᠭ᠎ᠠ᠂ ᠨᠦᠭᠴᠢᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ ᠠᠯᠳᠠᠷ ᠤᠨ ᠬᠦᠬᠢᠭᠦᠯᠦᠯ ᠶᠢᠨ ᠠᠵᠢᠯ ᠢ | ᠬᠠᠷᠢᠭᠤᠴᠠᠨ᠎ᠠ᠃ ᠨᠦᠭᠴᠢᠭᠰᠡᠨ ᠪᠠᠭᠠᠲᠤᠷᠴᠤᠳ ᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠢ ᠬᠠᠥᠯᠢ ᠶᠤᠰᠤᠭᠠᠷ ᠡᠭᠦᠷᠭᠡᠯᠡᠨ᠎ᠡ᠃ ᠪᠦᠬᠦ ᠤᠯᠤᠰ᠂ ᠪᠦᠬᠦ ᠤᠷᠤᠨ᠂ | ᠪᠦᠬᠦ ᠬᠤᠳᠠ᠂ ᠪᠦᠬᠦ ᠬᠤᠰᠢᠭᠤᠨ ᠤ ᠴᠢᠬᠤᠯᠠ ᠬᠠᠮᠠᠭᠠᠯᠠᠬᠤ ᠨᠢᠭᠡᠴᠡ ᠶᠢᠨ ᠨᠦᠭᠴᠢᠭᠰᠡᠨ ᠪᠠᠭᠠᠲᠤᠷᠴᠤᠳ ᠤᠨ ᠲᠤᠷᠠᠰᠬᠠᠯ ᠤᠨ ᠪᠠᠷᠢᠯᠭ᠎ᠠ ᠶᠢᠨ ᠠᠯᠳᠠᠷᠲᠠᠨ ᠤ | ᠴᠠᠳᠢᠭ ᠲᠤ ᠬᠢᠨᠠᠨ ᠬᠠᠷᠭᠤᠭᠤᠯᠵᠤ ᠤᠷᠤᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠨᠢᠭᠡᠴᠡ | ᠪᠠ ᠬᠤᠪᠢ ᠬᠦᠮᠦᠨ ᠤ ᠨᠡᠶᠢᠲᠡᠯᠢᠭ ᠬᠡᠷᠡᠭ ᠢ ᠳ᠋ᠦᠩᠨᠡᠨ ᠱᠠᠩᠨᠠᠵᠤ ᠤᠬᠠᠭᠤᠯᠤᠨ᠎ᠠ᠃ | ᠨᠠᠢᠮᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠬᠤᠯᠪᠤᠭᠳᠠᠯ ᠪᠦᠬᠦᠢ ᠬᠠᠥᠯᠢ ᠴᠠᠭᠠᠵᠠ ᠬᠠᠥᠯᠢ ᠳᠦᠷᠢᠮ ᠪᠠ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠵᠢᠯᠤᠭᠤᠳᠤᠨ ᠬᠢᠨᠠᠯᠲᠠ ᠲᠠᠯᠪᠢᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠦᠬᠦᠢ ᠬᠦᠮᠦᠰ ᠤᠨ | ᠬᠠᠪᠰᠤᠷᠤᠨ ᠲᠡᠳᠭᠦᠭᠦ ᠲᠤᠰᠠᠯᠠᠮᠵᠢ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ | ᠶᠢᠰᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |