︵ᠨᠢᠭᠡ︶ ᠤᠯᠤᠰ᠂ ᠦᠪᠡᠷᠳᠡᠭᠡᠨ ᠵᠠᠰᠠᠬᠤ ᠤᠷᠤᠨ ᠵᠢᠴᠢ ᠬᠦᠯᠤᠨ ᠪᠦᠢᠷ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠬᠠᠤᠯᠢ ᠴᠠᠭᠠᠵᠨ | ᠬᠠᠤᠯᠢ ᠲᠤᠭᠳᠠᠭᠠᠯ ᠪᠤᠯᠤᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ | ᠮᠡᠨᠳᠤ ᠶᠢᠨ ᠲᠦᠷᠤ ᠶᠢᠨ ᠪᠤᠳᠤᠯᠭ᠎ᠠ᠂ ᠠᠷᠭ᠎ᠠ ᠠᠪᠴᠠᠯ ᠲᠦᠯᠤᠪᠵᠢᠬᠦᠯᠬᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠤ᠂ ᠤᠷᠤᠨ ᠨᠤᠲᠤᠭ ᠤᠨ ᠡᠷᠡᠬᠦᠯ | ᠬᠠᠮᠠᠭᠠᠯᠠᠯ ᠡᠷᠡᠬᠦᠯ ᠮᠡᠨᠳᠤ ᠶᠢᠨ ᠪᠠᠷᠢᠮᠵᠢᠶ᠎ᠠ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠦᠨ᠎ᠡ᠃ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ | ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠢᠭᠡᠳᠤᠯᠳᠠᠢ ᠲᠦᠯᠤᠪᠵᠢᠬᠦᠯᠵᠦ᠂ ᠤᠷᠤᠨ ᠪᠦᠰᠡ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠲᠦᠯᠤᠪᠵᠢᠬᠦᠯᠬᠡ ᠶᠢ | ᠲᠤᠭᠤᠷᠪᠢᠨ ᠲᠤᠭᠳᠠᠭᠠᠬᠤ ᠪᠠ ᠵᠢᠭᠠᠨ ᠵᠢᠯᠤᠭᠤᠤᠨᠴᠦ ᠬᠡᠷᠩᠵᠢᠬᠦᠯᠤᠨ᠎ᠡ᠃ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠨᠳᠤᠰᠤᠨ ᠤᠯᠠᠨ ᠨᠡᠶᠢᠲᠡ ᠶᠢᠨ | ᠦᠢᠯᠡᠴᠢᠯᠡᠭᠡᠨ ᠢ ᠲᠠᠩᠴᠡᠬᠦᠷᠢᠰᠢᠬᠦᠯᠬᠦ᠂ ᠲᠦᠭᠡᠮᠡᠯᠵᠢᠬᠦᠯᠬᠦ᠂ ᠲᠦᠬᠦᠮ ᠲᠦᠳᠡ ᠪᠤᠯᠭᠠᠬᠤ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠤᠰᠤᠨ ᠱᠠᠳᠤᠨ ᠳᠤ | ᠤᠷᠳᠤᠤᠨᠬᠠᠬᠤ ᠵᠡᠷᠭᠡ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ | ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ︵ᠬᠤᠶᠡᠷ︶ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠵᠤᠬᠢᠴᠠᠭᠤᠯᠤᠨ ᠲᠦᠯᠬᠢᠨ ᠠᠬᠢᠭᠤᠯᠤᠨ᠎ᠠ᠃ ᠡᠮ ᠡᠮᠨᠡᠯᠭᠡ | ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠨ ᠴᠢᠭᠯᠡᠯᠳᠡ᠂ ᠲᠦᠷᠤ ᠶᠢᠨ ᠪᠤᠳᠤᠯᠭ᠎ᠠ᠂ ᠠᠷᠭ᠎ᠠ ᠠᠪᠴᠠᠯ ᠤᠨ | ᠰᠠᠨᠠᠭᠤᠯᠭ᠎ᠠ ᠶᠢ ᠰᠤᠳᠤᠯᠤᠨ ᠲᠤᠷᠠᠤᠨᠴᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠤᠩᠬᠡᠶᠢᠯᠡᠭᠰᠡᠨ ᠦᠭᠡᠷᠡᠴᠢᠯᠡᠯᠳᠡ ᠶᠢ ᠵᠤᠬᠢᠶᠠᠨ | ᠪᠠᠶᠢᠭᠤᠯᠤᠨ ᠬᠦᠨᠵᠡᠬᠡᠶᠢᠷᠡᠬᠦᠯᠵᠦ᠂ ᠬᠠᠮᠢᠶᠠᠷᠬᠤ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠳᠠ ᠶᠢᠨ ᠲᠦᠷᠢᠮ ᠢ ᠪᠤᠷᠢᠨᠰᠢᠬᠦᠯᠤᠨᠡ᠃ ᠱᠠᠳᠤ ᠬᠤᠪᠢᠶᠠᠨ ᠡᠮᠴᠢᠯᠡᠬᠦ ᠶᠢ ᠬᠡᠷᠩᠵᠢᠬᠦᠯᠤᠨ᠎ᠡ᠃ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠤᠯᠠᠨ | ᠨᠡᠶᠢᠲᠡ ᠶᠢᠨ ᠦᠢᠯᠡᠴᠢᠯᠡᠭᠡᠨ ᠢ ᠲᠦᠯᠬᠢᠨ ᠠᠬᠢᠭᠤᠯᠬᠤ ᠳᠤ ᠭᠤᠤᠯ ᠴᠤᠭᠴᠠᠳᠤ ᠤᠯᠠᠨ ᠡᠰᠢᠵᠢᠬᠦ ᠶᠢ ᠬᠠᠩᠭᠠᠬᠤ᠂ ᠬᠠᠩᠭᠠᠬᠤ ᠠᠷᠭ᠎ᠠ ᠬᠡᠯᠪᠡᠷᠢ ᠶᠢᠨ ᠤᠯᠠᠨ | ᠶᠠᠩᠵᠦ ᠶᠢᠨ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠵᠦ᠂ ᠡᠮᠴᠢᠯᠡᠭᠡᠨ ᠤ ᠦᠢᠯᠡᠴᠢᠯᠡᠭᠡ ᠪᠠ | ᠡᠮ ᠤᠨ ᠵᠦᠢᠯᠡᠰ ᠤᠨ ᠦᠨ᠎ᠡ ᠬᠠᠩᠰᠢ ᠶᠢᠨ ᠲᠦᠷᠤ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ᠃ | ︵ᠭᠤᠷᠪᠠ︶ ᠡᠪᠡᠤᠨᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠪᠠ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠤᠯᠪᠤᠭᠳᠠᠯ ᠪᠦᠬᠦᠢ ᠠᠵᠢᠯ ᠢ | ᠬᠠᠷᠢᠭᠤᠴᠠᠨ᠎ᠠ᠃ ᠡᠪᠡᠤᠨᠴᠢᠨ ᠡᠮᠬᠡᠭ ᠤᠨ ᠰᠡᠷᠬᠡᠶᠢᠯᠡᠨ ᠬᠢᠵᠠᠭᠠᠷᠯᠠᠬᠤ ᠲᠦᠯᠤᠪᠵᠢᠬᠦᠯᠭᠡ ᠵᠢᠴᠢ ᠠᠷᠠᠤᠨ ᠲᠦᠮᠡᠨ ᠤ ᠡᠷᠡᠬᠦᠯ ᠮᠡᠨᠳᠤ ᠶᠢ ᠬᠦᠨᠳᠤ ᠨᠤᠴᠢᠳᠠᠢ | ᠬᠦᠨᠤᠬᠡᠭᠰᠡᠨ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠠᠰᠠᠭᠤᠳᠠᠯ ᠢ ᠬᠤᠷᠢᠭᠯᠠᠬᠤ ᠠᠷᠭ᠎ᠠ ᠠᠪᠴᠠᠯ ᠢ ᠲᠤᠭᠳᠠᠭᠠᠬᠤ ᠪᠠ ᠵᠤᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠦ᠂ ᠤᠯᠤᠰ ᠤᠨ ᠡᠭᠡᠯᠢᠯᠡᠭᠡ ᠶᠢᠨ ᠲᠦᠯᠤᠪᠵᠢᠬᠦᠯᠭᠡ ᠶᠢ ᠬᠡᠷᠩᠵᠢᠬᠦᠯᠤᠨ᠎ᠡ᠃ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠬᠠᠷᠢᠭᠤᠴᠠᠵᠤ᠂ ᠭᠡᠨᠡᠤᠨᠳᠡ ᠶᠢᠨ ᠡᠬᠦᠰᠬᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠢ ᠤᠷᠢᠤᠨᠴᠢᠯᠠᠨ ᠰᠡᠷᠬᠡᠶᠢᠯᠡᠨ ᠬᠤᠷᠢᠭᠯᠠᠬᠤ ᠪᠠ ᠡᠯ᠎ᠡ ᠲᠦᠷᠤᠯ ᠤᠨ | ᠬᠡᠨᠡᠤᠲᠡ ᠶᠢᠨ ᠡᠬᠦᠰᠤᠭ᠍ᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠤᠬᠢᠶᠠᠨ ᠪᠠᠶᠢᠭᠤᠯᠤᠨ | ᠵᠢᠯᠤᠭᠤᠳᠤᠨ᠎ᠠ᠃ ᠪᠦᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠤᠨ᠎ᠡ᠃ ︽ᠨᠠᠪᠴᠢᠨ | ᠲᠠᠮᠠᠬᠢ ᠶᠢ ᠬᠢᠵᠠᠭᠠᠷᠯᠠᠬᠤ ᠪᠤᠷᠦ ᠲᠦᠯᠤᠪ ᠤᠨ ᠨᠡᠶᠢᠲᠡ ᠶᠢᠨ ᠬᠡᠷ᠎ᠠ︾ ᠪᠠᠨ ᠬᠦᠢᠴᠡᠤᠨᠬᠡᠬᠦ ᠠᠵᠢᠯ ᠢ ᠬᠦᠳᠤᠯᠤᠨ ᠬᠢᠨ᠎ᠡ᠃ ᠬᠠᠭᠤᠴᠢᠨ ᠪᠠᠷᠭᠤ ᠬᠤᠰᠢᠭᠤᠨ ᠤ | ᠠᠶᠢᠽ ᠡᠪᠡᠤᠨᠴᠢᠨ ᠢ ᠰᠡᠷᠬᠡᠶᠢᠯᠡᠨ ᠵᠠᠰᠠᠬᠤ ᠵᠦᠪᠯᠠᠯ ᠤᠨ ᠡᠳᠤᠷ ᠲᠤᠳᠤᠮ ᠤᠨ ᠠᠵᠢᠯ ᠢ ᠡᠬᠦᠷᠭᠡᠯᠡᠨ᠎ᠡ᠃ | ︵ᠲᠦᠷᠪᠡ︶ ᠲᠤᠰᠬᠠᠢ ᠮᠡᠷᠭᠡᠵᠢᠯᠳᠡᠨ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡ ᠶᠢᠨ ᠠᠵᠢᠯ | ᠲᠦᠷᠤᠯ ᠵᠢᠴᠢ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠲᠤᠰᠬᠠᠢ ᠮᠡᠷᠭᠡᠵᠢᠯᠳᠡᠨ ᠢ ᠤᠷᠢᠨ ᠤᠷᠤᠭᠤᠯᠬᠤ ᠶᠢ ᠬᠠᠷᠢᠭᠤᠴᠠᠵᠦ᠂ ᠡᠮᠴᠢᠯᠡᠭᠡ ᠶᠢᠨ ᠦᠢᠯᠡᠴᠢᠯᠡᠭᠡ ᠶᠢᠨ | ᠬᠢᠨᠠᠨ ᠦᠨᠡᠯᠡᠯᠳᠡ ᠪᠠ ᠬᠢᠨᠠᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠤᠨ᠎ᠡ᠃ ᠡᠮᠴᠢᠯᠡᠭᠡ ᠶᠢᠨ ᠦᠢᠯᠡᠴᠢᠯᠡᠭᠡ ᠶᠢ ᠲᠦᠷᠢᠮᠵᠢᠬᠦᠯᠬᠦ᠂ | ᠪᠠᠷᠢᠮᠵᠢᠶ᠎ᠠ ᠪᠠ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠲᠤᠰᠬᠠᠢ ᠮᠡᠷᠭᠡᠵᠢᠯᠳᠡᠨ ᠤ ᠠᠵᠢᠯ ᠡᠷᠬᠢᠯᠡᠬᠦ ᠲᠦᠷᠢᠮ᠂ ᠦᠢᠯᠡᠴᠢᠯᠡᠭᠡᠨ ᠢ ᠲᠦᠷᠢᠮᠵᠢᠬᠦᠯᠬᠦ ᠶᠢ ᠵᠤᠬᠢᠶᠠᠨ | ᠪᠠᠶᠢᠭᠤᠯᠤᠨ ᠬᠡᠷᠩᠵᠢᠬᠦᠯᠤᠨ᠎ᠡ᠃ | ︵ᠲᠠᠪᠤ︶ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ | ᠲᠦᠭᠰᠢᠬᠦᠷᠢ ᠶᠢ ᠬᠢᠨᠠᠨ ᠬᠡᠮᠵᠢᠨ ᠦᠨᠡᠯᠡᠬᠦ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠬᠦᠷᠢ ᠶᠢ ᠬᠢᠨᠠᠨ ᠬᠡᠮᠵᠢᠬᠦ᠂ | ᠰᠤᠯᠢᠯᠴᠠᠬᠤ᠂ ᠤᠷᠢᠤᠨᠴᠢᠯᠠᠨ ᠰᠡᠷᠡᠮᠵᠢᠯᠡᠬᠦᠯᠬᠦ ᠠᠵᠢᠯ ᠢ ᠬᠠᠷᠢᠭᠤᠴᠠᠨ᠂ ᠤᠯᠤᠰ ᠤᠨ ᠡᠮ ᠤᠨ ᠵᠦᠢᠯᠡᠰ ᠤᠨ ᠲᠦᠷᠤ ᠶᠢᠨ ᠪᠤᠳᠤᠯᠭ᠎ᠠ ᠪᠠ ᠦᠨᠳᠤᠰᠤᠨ ᠡᠮ ᠤᠨ | ᠵᠦᠢᠯᠡᠰ ᠤᠨ ᠲᠦᠷᠢᠮ ᠢ ᠵᠤᠬᠢᠶᠠᠨ ᠪᠠᠶᠢᠭᠤᠯᠤᠨ ᠬᠡᠷᠩᠵᠢᠬᠦᠯᠵᠦ᠂ ᠡᠮ ᠤᠨ ᠵᠦᠢᠯᠡᠰ ᠤᠨ ᠬᠡᠷᠩᠯᠡᠬᠦ ᠬᠢᠨᠠᠨ ᠬᠡᠮᠵᠢᠬᠦ᠂ ᠡᠮᠴᠢᠯᠡᠭᠡᠨ ᠤ ᠶᠡᠷᠤᠩᠭᠡᠶᠢᠯᠡᠭᠰᠡᠨ ᠦᠨᠡᠯᠡᠯᠳᠡ | ᠪᠠ ᠤᠬᠤᠷ ᠬᠤᠭᠤᠴᠠᠭᠠᠨ ᠤ ᠡᠮ ᠤᠨ ᠵᠦᠢᠯ ᠢ ᠰᠡᠷᠡᠮᠵᠢᠯᠡᠬᠦᠯᠬᠦ ᠶᠢ ᠦᠷᠨᠢᠬᠦᠯᠤᠨ᠎ᠡ᠃ | ︵ᠵᠢᠷᠭᠤᠭ᠎ᠠ︶ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠱᠠᠭᠠᠷᠳᠠᠨ ᠪᠠᠶᠢᠴᠠᠭᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠡᠬᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠲᠤᠰᠬᠠᠢ ᠠᠵᠢᠯ ᠤᠨ ᠡᠷᠡᠬᠦᠯ ᠬᠠᠮᠠᠭᠠᠯᠠᠯ᠂ ᠰᠠᠴᠤᠷᠠᠭ ᠤᠨ ᠡᠷᠡᠬᠦᠯ ᠬᠠᠮᠠᠭᠠᠯᠠᠯ᠂ ᠤᠷᠴᠢᠨ ᠲᠤᠭᠤᠷᠢᠨ ᠤ ᠡᠷᠡᠬᠦᠯ | ᠬᠠᠮᠠᠭᠠᠯᠠᠯ᠂ ᠰᠤᠷᠭᠠᠭᠤᠯᠢ ᠶᠢᠨ ᠡᠷᠡᠬᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ | ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠬᠢᠨᠠᠨ ᠪᠠᠶᠢᠴᠠᠭᠠᠬᠤ ᠬᠠᠮᠢᠶᠠᠷᠤᠯᠳᠠ ᠶᠢ ᠬᠠᠷᠢᠭᠤᠴᠠᠵᠦ᠂ ᠬᠠᠯᠳᠠᠪᠤᠷᠢᠳᠤ ᠡᠪᠡᠤᠨᠴᠢᠨ ᠢ ᠰᠡᠷᠬᠡᠶᠢᠯᠡᠨ ᠵᠠᠰᠠᠬᠤ ᠬᠢᠨᠠᠨ | ᠪᠠᠶᠢᠴᠠᠭᠠᠬᠤ ᠶᠢ ᠬᠠᠷᠢᠭᠤᠴᠠᠨ᠎ᠠ᠃ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠶᠡᠷᠤᠩᠬᠡᠶᠢᠯᠡᠭᠰᠡᠨ ᠬᠢᠨᠠᠨ ᠪᠠᠶᠢᠴᠠᠭᠠᠬᠤ ᠲᠤᠭᠳᠠᠯᠴᠠᠭ᠎ᠠ ᠶᠢ ᠪᠦᠷᠢᠨᠰᠢᠬᠦᠯᠤᠨ᠎ᠡ᠃ | ︵ᠲᠤᠯᠤᠭ᠎ᠠ︶ ᠪᠦᠬᠦ ᠬᠤᠰᠢᠭᠤᠨ ᠤ ᠨᠠᠰᠤᠳᠠᠶᠢᠴᠤᠤᠨ ᠤᠨ ᠡᠷᠡᠬᠦᠯ ᠮᠡᠨᠳᠤ ᠶᠢᠨ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠬᠦᠮᠤᠨ ᠠᠮᠠ ᠶᠢᠨ | ᠨᠠᠰᠤᠵᠢᠯ ᠤᠨ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ ᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠴᠠᠭᠤᠯᠤᠨ | ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ ᠨᠠᠰᠤᠳᠠᠶᠢᠴᠤᠤᠨ ᠤᠨ ᠡᠷᠡᠬᠦᠯ ᠮᠡᠨᠳᠤ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠪᠠ ᠡᠮᠴᠢᠯᠡᠭᠡ | ᠰᠤᠪᠢᠯᠠᠯᠳᠠ ᠶᠢ ᠤᠶᠠᠯᠳᠤᠭᠤᠯᠬᠤ ᠠᠵᠢᠯ ᠢ ᠬᠠᠷᠢᠭᠤᠴᠠᠨ᠎ᠠ᠃ ᠬᠠᠭᠤᠴᠢᠨ ᠪᠠᠷᠭᠤ ᠬᠤᠰᠢᠭᠤᠨ ᠤ ᠨᠠᠰᠤᠳᠠᠶᠢᠴᠤᠤᠨ ᠤᠨ ᠠᠵᠢᠯ ᠤᠨ ᠵᠦᠪᠯᠠᠯ ᠠᠴᠠ ᠡᠳᠤᠷ | ᠲᠤᠳᠤᠮ ᠤᠨ ᠠᠵᠢᠯ ᠢ ᠡᠬᠦᠷᠭᠡᠯᠡᠨ᠎ᠡ᠃ | ︵ᠨᠠᠢᠮᠠ︶ ᠲᠦᠯᠤᠪᠯᠡᠭᠡᠳᠤ ᠦᠷᠡᠵᠢᠯ ᠤᠨ ᠬᠠᠮᠢᠶᠠᠷᠤᠯᠳᠠ ᠪᠠ ᠦᠢᠯᠡᠴᠢᠯᠡᠭᠡ ᠶᠢᠨ ᠠᠵᠢᠯ ᠢ ᠬᠠᠷᠢᠭᠤᠴᠠᠨ᠎ᠠ᠃ ᠬᠦᠮᠤᠨ ᠠᠮᠠ ᠶᠢ ᠬᠢᠨᠠᠨ ᠡᠵᠡᠮᠳᠡᠬᠦ | ᠰᠡᠷᠡᠮᠵᠢᠯᠡᠬᠦᠯᠬᠦ ᠶᠢ ᠦᠷᠨᠢᠬᠦᠯᠵᠦ᠂ ᠲᠦᠯᠤᠪᠯᠡᠭᠡᠳᠤ ᠦᠷᠡᠵᠢᠯ᠂ ᠬᠦᠮᠤᠨ ᠠᠮᠠ ᠬᠢᠬᠡᠤᠨ ᠬᠡᠷ ᠪᠦᠯᠢ ᠶᠢᠨ ᠬᠦᠭᠵᠢᠯᠳᠡ ᠶᠢᠨ ᠬᠤᠯᠪᠤᠭᠳᠠᠯ ᠪᠦᠬᠦᠢ ᠲᠦᠷᠤ ᠶᠢᠨ | ᠪᠤᠳᠤᠯᠭ᠎ᠠ ᠶᠢ ᠲᠡᠬᠦᠯᠳᠡᠷᠵᠢᠬᠦᠯᠤᠨ ᠨᠠᠶᠢᠳᠠᠪᠤᠷᠢᠵᠢᠭᠤᠯᠵᠦ᠂ ᠡᠬᠦᠨ ᠤ ᠬᠠᠮᠳᠤ ᠬᠤᠯᠪᠤᠭᠳᠠᠯ ᠪᠦᠬᠦᠢ ᠰᠠᠨᠠᠭᠤᠯᠭ᠎ᠠ ᠲᠤᠷᠠᠳᠤᠨ᠎ᠠ᠃ | ︵ᠶᠢᠰᠤ︶ ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ᠂ ᠡᠬᠡ ᠨᠢᠯᠬᠠᠰ ᠤᠨ ᠡᠷᠡᠬᠦᠯ ᠮᠡᠨᠳᠤ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ | ᠶᠠᠷᠤᠩᠬᠡᠢ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠤᠨ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠨᠵᠢᠯᠡᠭᠡ ᠮᠡᠷᠬᠡᠵᠢᠯ ᠤᠨ ᠰᠢᠨ᠎ᠡ ᠶᠢ | ᠡᠬᠦᠤᠨᠬᠦ ᠬᠦᠭᠵᠢᠯᠳᠡ ᠶᠢ ᠲᠦᠯᠬᠢᠨ ᠠᠬᠢᠭᠤᠯᠤᠨ᠎ᠠ᠃ | ︵ᠠᠷᠪᠠ︶ ᠮᠤᠩᠭᠤᠯ ᠬᠢᠳᠠᠤᠨ ᠡᠮ ᠡᠮᠨᠡᠯᠭᠡ ᠶᠢᠨ ᠠᠵᠢᠯ ᠦᠢᠯᠡᠰ ᠤᠨ ᠬᠦᠭᠵᠢᠯᠳᠡ ᠶᠢᠨ ᠠᠵᠢᠯ ᠢ ᠲᠦᠯᠬᠢᠨ ᠠᠬᠢᠭᠤᠯᠤᠨ᠎ᠠ᠃ ᠮᠤᠩᠭᠤᠯ ᠬᠢᠳᠠᠤᠨ ᠡᠮ | ᠡᠮᠨᠡᠯᠭᠡ ᠶᠢᠨ ᠡᠮᠴᠢᠯᠡᠭᠡᠨ᠂ ᠡᠷᠡᠬᠦᠯᠵᠢᠯ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠶᠤᠯ ᠵᠢᠴᠢ ᠬᠤᠯᠪᠤᠭᠳᠠᠯ ᠪᠦᠬᠦᠢ ᠠᠵᠦ ᠦᠢᠯᠡᠰ ᠤᠨ | ᠦᠭᠡᠷᠡᠴᠢᠯᠡᠯᠳᠡ ᠶᠢᠨ ᠬᠦᠭᠵᠢᠯᠳᠡ ᠪᠤᠯᠤᠨ ᠭᠠᠳᠠᠭᠠᠳᠤ ᠰᠤᠯᠢᠯᠴᠠᠭ᠎ᠠ ᠶᠢᠨ ᠬᠤᠷᠰᠢᠯᠴᠠᠭ᠎ᠠ ᠶᠢ ᠪᠠᠳᠤᠯᠠᠬᠤ ᠪᠠ ᠠᠬᠢᠭᠤᠯᠵᠦ᠂ ᠮᠤᠩᠭᠤᠯ ᠬᠢᠳᠠᠤᠨ ᠡᠮ ᠡᠮᠨᠡᠯᠭᠡ ᠶᠢᠨ | ᠤᠯᠠᠮᠵᠢᠯᠠᠨ ᠰᠢᠨ᠎ᠡ ᠶᠢ ᠡᠬᠦᠤᠨᠬᠦ ᠪᠠ ᠬᠦᠭᠵᠢᠬᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ | ︵ᠠᠷᠪᠠᠨ ᠨᠢᠭᠡ︶ ᠬᠠᠭᠤᠴᠢᠨ ᠪᠠᠷᠭᠤ ᠬᠤᠰᠢᠭᠤᠨ ᠳᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠡᠷᠡᠬᠦᠯᠵᠢᠯ ᠤᠨ ᠡᠳᠡᠭᠡᠤᠨ᠂ ᠪᠦᠬᠦ ᠬᠤᠰᠢᠭᠤᠨ ᠤ | ᠡᠷᠡᠬᠦᠯᠵᠢᠯ ᠤᠨ ᠡᠳᠡᠭᠡᠤᠨ ᠤᠨ ᠡᠮᠴᠢᠯᠡᠭᠡᠨ ᠤ ᠡᠷᠡᠬᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠡ ᠬᠤᠷᠠᠯ ᠪᠠ ᠴᠢᠬᠤᠯᠨ ᠠᠵᠢᠯᠯᠠᠭᠠᠨ ᠤ ᠡᠮ ᠡᠮᠨᠡᠯᠭᠡ ᠡᠷᠡᠬᠦᠯ | ᠬᠠᠮᠠᠭᠠᠯᠠᠯ ᠤᠨ ᠪᠠᠳᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠡᠷ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃ | ︵ᠠᠷᠪᠠᠨ ᠭᠤᠷᠪᠠ︶ ᠡᠬᠦᠷᠭᠡ ᠴᠢᠳᠠᠪᠬᠢ ᠶᠢᠨ ᠬᠤᠪᠢᠷᠠᠭᠤᠯᠤᠯᠳᠠ᠃ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠠᠯ ᠠᠴᠠ ᠶᠡᠭᠡ ᠠᠷᠢᠭᠤᠨ | ᠴᠡᠪᠡᠷ᠂ ᠶᠡᠭᠡ ᠡᠷᠡᠬᠦᠯ ᠮᠡᠨᠳᠤ ᠶᠢᠨ ᠦᠢᠯᠠᠭᠠᠳᠠᠬᠤᠨ ᠢ ᠪᠠᠳᠤ ᠪᠠᠬᠢ ᠪᠤᠢ ᠪᠤᠯᠭᠠᠨ᠂ ᠡᠷᠡᠬᠦᠯ ᠰᠠᠷᠠᠭᠤᠯ ᠬᠠᠭᠤᠴᠢᠨ ᠪᠠᠷᠭᠤ ᠬᠤᠰᠢᠭᠤᠨ ᠤ ᠪᠠᠶᠢᠭᠤᠯᠤᠯᠳᠠ ᠶᠢ | ᠲᠦᠯᠬᠢᠨ ᠠᠬᠢᠭᠤᠯᠵᠦ᠂ ᠦᠭᠡᠷᠡᠴᠢᠯᠡᠯᠳᠡ ᠰᠢᠨ᠎ᠡ ᠶᠢ ᠡᠬᠦᠤᠨᠬᠦ ᠪᠠᠷ ᠬᠦᠳᠡᠯᠭᠡᠭᠴᠢ ᠬᠦᠴᠤᠨ ᠪᠤᠯᠭᠠᠨ᠂ ᠡᠷᠡᠬᠦᠯ ᠮᠡᠨᠳᠤ ᠶᠢ ᠠᠬᠢᠭᠤᠯᠬᠤ᠂ ᠵᠠᠭᠪᠤᠷ ᠢ | ᠬᠤᠪᠢᠷᠠᠭᠤᠯᠬᠤ᠂ ᠦᠨᠳᠤᠰᠤᠨ ᠱᠠᠳᠤ ᠶᠢ ᠬᠦᠴᠤᠷᠭᠡᠭᠵᠢᠬᠦᠯᠬᠦ᠂ ᠪᠠᠳᠤᠯᠠᠭ᠎ᠠ ᠶᠢ ᠴᠢᠬᠤᠯᠠᠴᠢᠯᠠᠬᠤ ᠪᠠᠷ ᠬᠦᠴᠤᠯᠡᠬᠦ ᠴᠡᠭ ᠪᠤᠯᠭᠠᠨ᠂ ᠡᠪᠡᠤᠨᠴᠢᠨ ᠵᠠᠰᠠᠬᠤ ᠪᠠᠷ ᠭᠤᠤᠯ | ᠪᠤᠯᠭᠠᠬᠤ ᠠᠴᠠ ᠠᠷᠠᠤᠨ ᠲᠦᠮᠡᠨ ᠤ ᠡᠷᠡᠬᠦᠯ ᠮᠡᠨᠳᠤ ᠪᠠᠷ ᠭᠤᠤᠯ ᠪᠤᠯᠭᠠᠬᠤ ᠲᠡᠰᠢ ᠬᠤᠪᠢᠷᠠᠭᠤᠯᠤᠨ᠂ ᠠᠷᠠᠤᠨ ᠲᠦᠮᠡᠨ ᠳᠤ ᠪᠦᠬᠦ ᠲᠠᠯ᠎ᠠ ᠶᠢᠨ ᠦᠶᠡᠯᠠᠯ ᠲᠠᠢ ᠡᠷᠡᠬᠦᠯ | ᠮᠡᠨᠳᠤ ᠶᠢᠨ ᠦᠢᠯᠡᠴᠢᠯᠡᠭᠡᠨ ᠢ ᠬᠠᠩᠭᠠᠨ᠎ᠠ᠃ ᠨᠢᠭᠡ ᠳᠤ ᠤᠷᠢᠤᠨᠴᠢᠯᠡᠨ ᠰᠡᠷᠬᠡᠶᠢᠯᠡᠬᠦ ᠪᠠᠷ ᠭᠤᠤᠯ ᠪᠤᠯᠭᠠᠬᠤ ᠪᠠ ᠡᠷᠡᠬᠦᠯᠵᠢᠯ ᠢ ᠠᠬᠢᠭᠤᠯᠬᠤ ᠶᠢ ᠨᠡᠩ ᠴᠢᠬᠤᠯᠠᠴᠢᠯᠠᠵᠦ | ᠂ ᠬᠦᠨᠳᠤ ᠡᠪᠡᠤᠨᠴᠢᠨ ᠡᠮᠬᠡᠭ ᠢ ᠤᠷᠢᠤᠨᠴᠢᠯᠡᠨ ᠰᠡᠷᠬᠡᠶᠢᠯᠡᠨ ᠬᠢᠵᠠᠭᠠᠷᠯᠠᠬᠤ ᠠᠵᠢᠯ ᠢ ᠴᠢᠩᠭᠠᠤᠨᠬᠠᠨ᠂ ᠬᠦᠮᠤᠨ ᠠᠮᠠ ᠶᠢᠨ ᠨᠠᠰᠤᠵᠢᠯ ᠳᠤ ᠢᠳᠡᠪᠬᠢᠳᠠᠢ ᠬᠠᠨᠳᠤᠨ᠂ | ᠡᠷᠡᠬᠦᠯ ᠮᠡᠨᠳᠤ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠬᠦᠯᠳᠡᠷᠵᠢᠬᠦᠯᠤᠨ᠎ᠡ᠃ ᠬᠤᠶᠡᠷ ᠲᠤ ᠠᠵᠢᠯ ᠤᠨ ᠭᠤᠤᠯᠳᠠᠯᠭ᠎ᠠ ᠪᠠᠨ ᠲᠤᠷᠤᠭᠰᠢ ᠰᠢᠯᠵᠢᠬᠦᠯᠬᠦ ᠪᠠ ᠡᠬᠢ | ᠪᠠᠶᠠᠯᠢᠭ ᠢᠶᠠᠨ ᠲᠤᠷᠤᠭᠰᠢ ᠲᠠᠮᠵᠢᠭᠤᠯᠬᠤ ᠶᠢ ᠨᠡᠩ ᠴᠢᠬᠤᠯᠠᠴᠢᠯᠠᠵᠦ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠤᠰᠤᠨ | ᠱᠠᠳᠤᠨ ᠳᠤ ᠤᠷᠳᠤᠤᠨᠬᠠᠬᠤ᠂ ᠬᠦᠳᠡᠭᠡ ᠲᠤᠰᠬᠤᠨ ᠮᠠᠯᠵᠢᠬᠤ ᠤᠷᠤᠨ ᠢ ᠪᠦᠷᠬᠦᠬᠦᠯᠬᠦ᠂ ᠬᠢᠯᠢ ᠬᠢᠵᠠᠭᠠᠷ ᠭᠠᠵᠠᠷ ᠤᠷᠤᠨ ᠪᠠ ᠠᠮᠢᠳᠤᠷᠠᠯ ᠬᠦᠴᠢᠷᠳᠠᠯᠳᠠᠢ ᠤᠯᠠᠨ | ᠲᠦᠮᠡᠨ ᠳᠤ ᠬᠡᠯᠪᠠᠶᠢᠯᠭᠡᠬᠦ ᠶᠢ ᠲᠦᠯᠬᠢᠨ ᠠᠬᠢᠭᠤᠯᠤᠨ᠎ᠠ᠃ ᠭᠤᠷᠪᠠ ᠳᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠡᠬᠡᠭᠰᠢᠯᠡᠬᠦᠯᠬᠦ ᠶᠢ ᠨᠡᠩ | ᠴᠢᠬᠤᠯᠠᠴᠢᠯᠠᠵᠦ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠦᠨᠳᠤᠰᠤᠨ ᠤᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠬᠦᠷᠢᠰᠢᠬᠦᠯᠬᠦ᠂ ᠲᠦᠭᠡᠮᠡᠯᠵᠢᠬᠦᠯᠬᠦ᠂ | ᠲᠦᠬᠦᠮ ᠲᠦᠲᠡ ᠪᠤᠯᠭᠠᠬᠤ ᠶᠢ ᠲᠦᠯᠬᠢᠨ ᠠᠬᠢᠭᠤᠯᠤᠨ᠎ᠠ᠃ ᠲᠦᠷᠪᠡ ᠳᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠬᠦᠨᠵᠡᠬᠡᠶᠢᠷᠡᠬᠦᠯᠬᠦ ᠶᠢ ᠲᠦᠯᠬᠢᠨ ᠠᠬᠢᠭᠤᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢᠨ ᠬᠦᠴᠤᠯᠡᠴᠡ ᠪᠠᠨ ᠨᠡᠮᠡᠭᠳᠡᠬᠦᠯᠦᠨ | ᠂ ᠬᠠᠮᠢᠶᠠᠷᠬᠤ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠦ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡᠨ ᠳᠤ ᠭᠤᠤᠯ | ᠴᠤᠭᠴᠠᠳᠤ ᠡᠰᠢᠵᠢᠯᠲᠡ ᠶᠢ ᠬᠠᠩᠭᠠᠬᠤ᠂ ᠬᠠᠩᠭᠠᠬᠤ ᠬᠡᠯᠪᠡᠷᠢ ᠨᠢ ᠤᠯᠠᠨ ᠶᠠᠩᠵᠦ ᠪᠠᠶᠢᠬᠤ ᠶᠢ ᠲᠦᠯᠬᠢᠨ ᠠᠬᠢᠭᠤᠯᠤᠨ᠎ᠠ᠃ | |