ᠠᠷᠤᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
     ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠥᠯᠢ ᠴᠠᠭᠠᠵᠠ ᠬᠠᠥᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠦᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠡᠯ᠎ᠡ   ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠵᠤᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃      ᠬᠤᠶᠠᠷ᠂ ᠵᠠᠬᠢᠳᠠᠯ ᠰᠤᠷᠪᠤᠯᠵᠢᠯᠠᠯ ᠤᠨ ᠭᠦᠢᠴᠡᠳᠭᠡᠬᠦ ᠠᠵᠢᠯ ᠢ ᠠᠵᠢᠯ ᠢ ᠬᠠᠷᠢᠭᠤᠴᠠᠨ᠎ᠠ᠃ ᠳᠡᠭᠡᠲᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠵᠢᠴᠢ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠳᠠᠭᠠᠭᠠᠯᠭᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠭᠠᠭᠠᠴᠢᠯᠠᠨ ᠭᠦᠢᠴᠡᠳᠭᠡᠨ᠎ᠡ᠃ ᠡᠷᠭᠡᠲᠦ ᠠᠷᠠᠳ᠂ ᠬᠠᠥᠯᠢ ᠶᠢᠨ ᠡᠷᠭᠡᠳᠡᠨ ᠬᠢᠭᠡᠳ ᠪᠤᠰᠤᠳ ᠵᠤᠬᠢᠶᠠᠨ ᠪᠠᠶᠢᠭᠤᠯᠤᠯᠲᠠ ᠠᠴᠠ ᠳᠤᠷᠠᠳᠤᠨ ᠭᠠᠷᠭᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠬᠤ ᠪᠠ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃ ᠰᠦᠯᠵᠢᠶᠠᠨ ᠢᠶᠠᠷ ᠢᠷᠡᠭᠦᠯᠦᠭᠰᠡᠨ ᠵᠠᠬᠢᠳᠠᠯ ᠰᠤᠷᠪᠤᠯᠵᠢᠯᠠᠯ᠂ ᠵᠠᠬᠢᠳᠠᠯ ᠰᠤᠷᠪᠤᠯᠵᠢᠯᠠᠯ ᠤᠨ ᠤᠳᠠᠰᠤ ᠶᠢ ᠬᠦᠯᠢᠶᠠᠨ ᠠᠪᠴᠤ᠂ ᠵᠤᠬᠢᠶᠠᠨ ᠪᠠᠶᠢᠭᠤᠯᠤᠨ ᠭᠦᠢᠴᠡᠳᠭᠡᠬᠦ ᠪᠠ ᠬᠠᠷᠢᠭᠤᠯᠲᠠ ᠥᠭᠬᠦ ᠠᠵᠢᠯ ᠢ ᠬᠠᠷᠢᠭᠤᠴᠠᠨ᠎ᠠ᠃      ᠭᠤᠷᠪᠠ᠂ ᠵᠠᠬᠢᠳᠠᠯ ᠰᠤᠷᠪᠤᠯᠵᠢᠯᠠᠯ ᠤᠨ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠵᠦᠢᠯᠡᠰ ᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠲᠤ ᠰᠢᠯᠵᠢᠭᠦᠯᠦᠨ ᠭᠦᠢᠴᠡᠳᠭᠡᠯᠭᠡᠬᠦ᠂ ᠲᠤᠰᠢᠶᠠᠨ ᠭᠦᠢᠴᠡᠳᠭᠡᠯᠭᠡᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠱᠠᠭᠠᠷᠳᠠᠨ ᠪᠠᠶᠢᠴᠠᠭᠠᠵᠤ᠂ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠤᠬᠢᠴᠠᠭᠤᠯᠵᠤ᠂ ᠱᠠᠭᠠᠷᠳᠠᠬᠤ᠂ ᠰᠢᠢᠳᠪᠦᠷᠢᠯᠡᠬᠦ ᠶᠢ ᠬᠠᠷᠢᠭᠤᠴᠠᠨ᠎ᠠ᠃      ᠳᠦᠷᠪᠡ᠂ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠳᠦᠷᠢᠮ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠡᠳᠤᠷ ᠤᠨ ᠳᠦᠷᠢᠮ ᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠤᠨ᠂ ᠲᠤᠷᠰᠢᠯᠭ᠎ᠠ ᠠᠷᠭ᠎ᠠ ᠪᠠᠨ ᠳ᠋ᠦᠩᠨᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃      ᠲᠠᠪᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠦᠭᠡᠷᠡᠴᠢᠯᠡᠯᠲᠡ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ ᠤᠨ ᠬᠠᠥᠯᠢᠵᠢᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠦᠴᠢᠷ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ᠂ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠦᠨᠳᠦᠰᠦᠨ ᠲᠤᠬᠠᠶᠢᠯᠠᠬᠠᠰᠠᠨ ᠠᠵᠢᠯ ᠤᠨ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃      ᠳᠤᠯᠤᠭ᠎ᠠ᠂ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠯᠪᠤᠭᠠᠲᠤ ᠬᠤᠷᠠᠯ ᠤᠨ ᠠᠯᠪᠠᠨ ᠭᠡᠷ ᠤᠨ ᠡᠳᠤᠷ ᠲᠤᠳᠤᠮ ᠤᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠬᠤᠯᠪᠤᠭᠠᠲᠤ ᠬᠤᠷᠠᠯ ᠤᠨ ᠲᠤᠭᠳᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠱᠠᠭᠠᠷᠳᠠᠨ ᠪᠠᠶᠢᠴᠠᠭᠠᠨ᠎ᠠ᠃      ᠨᠠᠢᠮᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠣᠲᠣᠷᠬᠠᠢ ᠦᠭᠡᠢ