ᠠᠷᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
      ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ ᠬᠠᠥᠯᠢ ᠴᠠᠭᠠᠵᠠ ᠬᠠᠥᠯᠢ ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠦᠢᠴᠡᠳᠭᠡᠨ᠎ᠡ᠃ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠭᠤᠯᠤᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠶᠡᠷᠦᠩᠭᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠤ᠂ ᠤᠷᠤᠨ ᠨᠤᠲᠤᠭ ᠤᠨ ᠴᠢᠨᠠᠷᠲᠡᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠤᠤᠷᠠᠭᠯᠠᠵᠤ᠂ ᠬᠠᠮᠢᠶ᠎ᠠ ᠪᠦᠬᠦᠢ ᠶᠠᠪᠤᠴᠠ ᠪᠠ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ᠬᠤᠶᠠᠷ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠤᠨ ᠠᠶᠤᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠪᠠ ᠶᠡᠷᠦᠩᠭᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠷᠦᠩᠭᠡᠶᠢᠯᠡᠭᠰᠡᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠭᠤᠷᠪᠠ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠤᠭᠤᠳᠴᠦ᠂ ᠤᠯᠤᠰ᠂ ᠦᠪᠡᠷᠳᠡᠬᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠶᠢᠨ ᠠᠳᠡᠯ ᠤᠨ ᠭᠠᠮᠰᠢᠭ ᠪᠠ ᠪᠠᠶᠢᠭᠠᠯᠢ ᠶᠢᠨ ᠭᠠᠮᠰᠢᠭ ᠤᠨ ᠲᠡᠰ ᠬᠤᠪᠢᠶᠠᠨ ᠠᠷᠭᠠᠴᠠᠭᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠭᠤᠴᠢᠨ ᠪᠠᠷᠭᠤ ᠬᠤᠰᠢᠭᠤᠨ ᠤ ᠶᠡᠷᠦᠩᠭᠡᠢ ᠴᠤᠭᠴᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠪᠠ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠤᠨ ᠲᠤᠰᠬᠠᠢ ᠲᠦᠷᠦᠯ ᠤᠨ ᠲᠦᠰᠦᠯ ᠢ ᠵᠤᠬᠢᠶᠠᠨ ᠪᠠᠶᠢᠭᠤᠯᠤᠨ ᠨᠠᠶᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠵᠤᠯᠭᠠᠭᠤᠯᠬᠤ ᠠᠵᠢᠯ ᠢ ᠶᠡᠷᠦᠩᠭᠡᠶᠢᠯᠡᠨ ᠵᠤᠬᠢᠴᠠᠭᠤᠯᠵᠤ᠂ ᠬᠤᠯᠪᠤᠭᠳᠠᠯ ᠪᠦᠬᠦᠢ ᠲᠦᠰᠦᠯ ᠤᠨ ᠰᠤᠷᠢᠯᠲᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠵᠠᠶᠢᠯᠠᠬᠤ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃      ᠳᠦᠷᠪᠡ᠂ ᠬᠠᠭᠤᠴᠢᠨ ᠪᠠᠷᠭᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠤᠷᠠᠭ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠬᠤ ᠶᠢ ᠬᠠᠷᠢᠭᠤᠴᠠᠵᠤ᠂ ᠰᠤᠷᠠᠭ ᠵᠠᠩᠭᠢ ᠶᠢᠨ ᠳᠠᠮᠵᠢᠭᠤᠯᠬᠤ ᠠᠷᠭ᠎ᠠ ᠵᠠᠮ ᠤᠨ ᠲᠦᠯᠦᠪᠵᠢᠭᠦᠯᠬᠡ ᠪᠠ ᠪᠠᠶᠢᠷᠢᠯᠠᠭᠤᠯᠤᠯᠲᠠ ᠶᠢᠨ ᠠᠵᠢᠯ ᠢ ᠲᠥᠯᠬᠢᠨ ᠠᠬᠢᠭᠤᠯᠵᠤ᠂ ᠬᠢᠨᠠᠨ ᠬᠡᠮᠵᠢᠬᠦ ᠤᠷᠢᠳᠴᠢᠯᠡᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠰᠤᠷᠠᠭ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤ ᠪᠠᠷ ᠡᠳ᠋ᠯᠡᠬᠦ ᠲᠤᠭᠲᠠᠴᠠ ᠶᠢ ᠪᠦᠷᠢᠨᠰᠢᠭᠦᠯᠵᠤ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠᠶᠢᠳᠠᠯ ᠢ ᠬᠠᠥᠯᠢ ᠶᠤᠰᠤᠭᠠᠷ ᠨᠡᠶᠢᠲᠡᠯᠡᠨ᠎ᠡ᠃      ᠲᠠᠪᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠬᠡᠨᠡᠳᠲᠠ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠶᠢ ᠵᠤᠬᠢᠶᠠᠨ ᠪᠠᠶᠢᠭᠤᠯᠤᠨ ᠵᠢᠯᠤᠭᠤᠳᠤᠨ ᠵᠤᠬᠢᠴᠠᠭᠤᠯᠵᠤ᠂ ᠬᠠᠭᠤᠴᠢᠨ ᠪᠠᠷᠭᠤ ᠬᠤᠰᠢᠭᠤᠨ ᠤ ᠬᠦᠨᠳᠤ ᠶᠡᠭᠡ ᠭᠠᠮᠰᠢᠭ ᠢ ᠵᠢᠯᠤᠭᠤᠳᠬᠤ ᠬᠡᠯᠲᠡᠰ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠶᠠᠪᠤᠳᠠᠯ ᠤᠨ ᠬᠥᠭᠵᠢᠯᠲᠡ ᠶᠢᠨ ᠪᠠᠶᠢᠳᠠᠯ ᠢ ᠶᠡᠷᠦᠩᠭᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠦ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ᠂ ᠬᠠᠭᠤᠴᠢᠨ ᠪᠠᠷᠭᠤ ᠬᠤᠰᠢᠭᠤᠨ ᠤ ᠲᠤᠭᠲᠠᠭᠰᠠᠨ ᠬᠠᠷᠢᠭᠤᠴᠠᠬᠤ ᠨᠦᠬᠦᠳ ᠢ ᠬᠠᠮᠵᠢᠯᠴᠠᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ᠎ᠠ᠃      ᠵᠢᠷᠭᠤᠭ᠎ᠠ᠂ ᠡᠷᠬᠡ ᠶᠢᠨ ᠬᠡᠪᠴᠢᠶᠠᠨ ᠳᠤ ᠪᠦᠬᠦ ᠬᠤᠰᠢᠭᠤᠨ ᠤ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠮᠡᠷᠭᠡᠵᠢᠯ ᠤᠨ ᠡᠩᠨᠡᠭᠡ ᠶᠢ ᠵᠤᠬᠢᠴᠠᠭᠤᠯᠤᠨ ᠵᠢᠯᠤᠭᠤᠳᠴᠦ᠂ ᠪᠦᠬᠦ ᠬᠤᠰᠢᠭᠤᠨ ᠤ ᠪᠠᠴᠢᠮ ᠪᠠᠶᠢᠳᠠᠯ ᠢ ᠵᠤᠬᠢᠴᠠᠭᠤᠯᠤᠨ ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ ᠪᠠᠶᠢᠭᠤᠯᠵᠤ᠂ ᠵᠢᠯᠤᠭᠤᠳᠬᠤ ᠲᠠᠪᠴᠠᠩ ᠤᠨ ᠵᠤᠯᠭᠠᠭᠤᠯᠬᠤ ᠶᠢ ᠲᠥᠯᠬᠢᠨ ᠠᠬᠢᠭᠤᠯᠵᠤ᠂ ᠭᠠᠯ ᠢ ᠰᠡᠷᠭᠡᠶᠢᠯᠡᠬᠦ᠂ ᠤᠢ ᠰᠢᠭᠤᠢ ᠨᠤᠲᠤᠭ ᠪᠡᠯᠴᠢᠭᠡᠷ ᠤᠨ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠲᠠᠭ᠎ᠠ ᠶᠢᠨ ᠴᠡᠷᠢᠭ ᠠᠩᠭᠢ ᠶᠢᠨ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯ ᠲᠠᠢ ᠵᠤᠯᠭᠠᠭᠤᠯᠤᠨ᠎ᠠ᠃ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠤᠯᠲᠡᠢ ᠲᠦᠯᠦᠪᠯᠡᠨ ᠵᠢᠯᠤᠭᠤᠳᠴᠦ᠂ ᠭᠠᠯ ᠢ ᠰᠡᠷᠭᠡᠶᠢᠯᠡᠬᠦ᠂ ᠤᠢ ᠰᠢᠭᠤᠢ ᠲᠠᠯ᠎ᠠ ᠨᠤᠲᠤᠭ ᠤᠨ ᠭᠠᠯ ᠤᠨᠲᠠᠷᠠᠭᠠᠨ ᠠᠶᠤᠯ ᠠᠴᠠ ᠠᠪᠤᠷᠠᠬᠤ᠂ ᠦᠶᠡᠷ ᠲᠠᠢ ᠲᠡᠮᠡᠴᠡᠵᠦ ᠠᠶᠤᠯ ᠠᠴᠠ ᠠᠪᠤᠷᠠᠬᠤ᠂ ᠭᠠᠵᠠᠷ ᠬᠦᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠤᠨ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠢ ᠠᠪᠤᠷᠠᠨ ᠲᠤᠰᠠᠯᠠᠬᠤ ᠵᠡᠷᠭᠡ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠡᠭᠦᠷᠭᠡ ᠬᠠᠷᠢᠭᠤᠴᠠᠯᠭ᠎ᠠ ᠡᠷᠬᠡ ᠶᠢᠨ ᠬᠡᠪᠴᠢᠶᠠᠨ ᠤ ᠶᠤᠰᠤᠭᠠᠷ ᠵᠤᠬᠢᠶᠠᠨ ᠪᠠᠶᠢᠭᠤᠯᠤᠨ ᠵᠤᠬᠢᠴᠠᠭᠤᠯᠤᠨ ᠵᠢᠯᠤᠭᠤᠳᠴᠦ᠂ ᠲᠤᠰ ᠭᠠᠵᠠᠷ ᠤᠷᠤᠨ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ  ᠶᠢ ᠵᠤᠬᠢᠶᠠᠨ ᠪᠠᠶᠢᠭᠤᠯᠤᠨ ᠲᠥᠯᠬᠢᠨ ᠠᠬᠢᠭᠤᠯᠤᠨ᠎ᠠ᠃      ᠳᠤᠯᠤᠭ᠎ᠠ᠂ ᠪᠦᠬᠦ ᠬᠤᠰᠢᠭᠤᠨ ᠤ ᠭᠠᠯ ᠢ ᠰᠡᠷᠭᠡᠶᠢᠯᠡᠬᠦ ᠬᠢᠨᠠᠨ ᠬᠠᠮᠢᠶᠠᠷᠬᠤ᠂ ᠭᠠᠯ ᠤᠨ ᠠᠶᠤᠯ ᠢ ᠤᠷᠢᠳᠴᠢᠯᠡᠨ ᠰᠡᠷᠭᠡᠶᠢᠯᠡᠬᠦ᠂ ᠭᠠᠯ ᠤᠨ ᠠᠶᠤᠯ ᠢ ᠤᠨᠲᠠᠷᠠᠭᠠᠨ ᠠᠪᠤᠷᠠᠬᠤ ᠵᠡᠷᠭᠡ ᠠᠵᠢᠯ ᠢ ᠡᠷᠬᠡ ᠶᠢᠨ ᠬᠡᠪᠴᠢᠶᠠᠨ ᠳᠤ ᠵᠤᠬᠢᠴᠠᠭᠤᠯᠤᠨ ᠵᠢᠯᠤᠭᠤᠳᠤᠨ᠎ᠠ᠃      ᠨᠠᠢᠮᠠ᠂ ᠪᠦᠬᠦ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠤᠰᠤᠳᠤᠯ ᠭᠠᠩ ᠬᠠᠭᠰᠠᠷᠠᠭᠠᠨ ᠤ ᠭᠠᠮᠰᠢᠭ᠂ ᠭᠠᠵᠠᠷ ᠬᠦᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠵᠡᠷᠭᠡ ᠰᠡᠷᠭᠡᠶᠢᠯᠡᠨ ᠵᠠᠰᠠᠬᠤ ᠠᠵᠢᠯ ᠢ ᠵᠤᠬᠢᠴᠠᠭᠤᠯᠤᠨ ᠵᠢᠯᠤᠭᠤᠳᠴᠦ᠂ ᠪᠦᠬᠦ ᠬᠤᠰᠢᠭᠤᠨ ᠤ ᠪᠠᠶᠢᠭᠠᠯᠢ ᠶᠢᠨ ᠭᠠᠢ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠤᠷᠢᠳᠴᠢᠯᠡᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠥᠭᠰᠢᠭᠦᠷᠢ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢᠨ ᠦᠨᠡᠯᠡᠨ ᠵᠢᠱᠢᠬᠦ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃      ᠶᠢᠰᠦ᠂ ᠭᠠᠮᠰᠢᠭ ᠢ ᠠᠪᠤᠷᠠᠨ ᠲᠤᠰᠠᠯᠠᠬᠤ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ ᠂ ᠰᠦᠢᠳᠦᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠬᠠᠨᠳᠢᠪᠯᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠲᠥᠪ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠪᠠ ᠬᠠᠭᠤᠴᠢᠨ ᠪᠠᠷᠭᠤ ᠬᠤᠰᠢᠭᠤᠨ ᠤ ᠭᠠᠮᠰᠢᠭ ᠠᠴᠠ ᠠᠪᠤᠷᠠᠨ ᠲᠤᠰᠠᠯᠠᠬᠤ ᠮᠦᠩᠭᠦ ᠪᠤᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠢᠨᠠᠨ ᠵᠢᠯᠤᠭᠤᠳᠴᠦ ᠬᠡᠷᠡᠭᠯᠡᠨ᠎ᠡ᠃      ᠠᠷᠪᠠ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠭᠡᠶᠢᠯᠡᠨ ᠬᠢᠨᠠᠨ ᠬᠠᠮᠢᠶᠠᠷᠬᠤ ᠡᠭᠦᠷᠭᠡ ᠶᠢᠨ ᠡᠷᠬᠡ ᠶᠢ ᠬᠠᠥᠯᠢ ᠶᠤᠰᠤᠭᠠᠷ ᠬᠡᠷᠡᠭᠵᠢᠭᠦᠯᠵᠦ᠂ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠤᠭᠤᠳᠤᠨ ᠵᠤᠬᠢᠴᠠᠭᠤᠯᠵᠤ᠂ ᠬᠢᠨᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ᠂ ᠲᠤᠭᠤᠷᠢᠨ ᠪᠠᠶᠢᠴᠠᠭᠠᠯᠲᠠ ᠂ ᠬᠢᠨᠠᠨ ᠰᠢᠯᠭᠠᠬᠤ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠡᠳᠤᠷ ᠳᠤᠲᠤᠮ ᠤᠨ ᠠᠵᠢᠯ ᠢ ᠡᠭᠦᠷᠭᠡᠯᠡᠨ᠎ᠡ᠃      ᠠᠷᠪᠠᠨ ᠨᠢᠭᠡ᠂ ᠲᠡᠰ ᠬᠤᠪᠢᠶᠠᠷᠢᠯᠠᠭᠰᠠᠨ᠂ ᠬᠠᠷᠢᠶᠠᠯᠠᠭᠳᠠᠬᠤ ᠭᠠᠵᠠᠷ ᠤᠨ ᠵᠠᠷᠴᠢᠮ ᠢᠶᠠᠷ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠥᠯᠢ ᠴᠠᠭᠠᠵᠠ ᠬᠠᠥᠯᠢ ᠳᠦᠷᠢᠮ ᠤᠨ ᠪᠠᠶᠢᠳᠠᠯ ᠢ ᠲᠤᠤᠱᠯᠠᠭᠤᠯᠤᠨ ᠬᠡᠷᠡᠭᠵᠢᠭᠦᠯᠬᠦ ᠵᠢᠴᠢ ᠠᠶᠤᠯᠭᠦᠢ ᠦᠢᠯᠡᠳᠪᠦᠷᠢᠯᠡᠯ ᠤᠨ ᠨᠦᠭᠦᠴᠡᠯ ᠪᠠ ᠬᠤᠯᠪᠤᠭᠳᠠᠯ ᠪᠦᠬᠦᠢ ᠲᠦᠬᠦᠭᠡᠷᠦᠮᠵᠢ ︵ᠤᠨᠴᠠᠭᠠᠢ ᠲᠦᠷᠦᠯ ᠤᠨ ᠲᠦᠭᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠦᠳᠡᠯᠮᠦᠷᠢ ᠶᠢᠨ ᠬᠠᠮᠠᠭᠠᠯᠠᠬᠤ ᠬᠡᠷᠡᠭᠯᠡᠭᠡᠨ ᠤ ᠪᠤᠳᠠᠰ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠥᠯᠢ ᠶᠤᠰᠤᠭᠠᠷ ᠬᠢᠨᠠᠨ ᠵᠢᠯᠤᠭᠤᠳᠴᠦ ᠪᠠᠶᠢᠴᠠᠭᠠᠵᠤ᠂ ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠵᠡᠷᠭᠡ ᠪᠦᠲᠦᠭᠡᠨ ᠪᠠᠶᠢᠭᠤᠯᠬᠤ ᠲᠦᠷᠦᠯ ᠵᠦᠢᠯ ᠤᠨ ᠠᠮᠤᠷ ᠲᠥᠪᠰᠢᠨ ᠲᠦᠬᠦᠭᠡᠷᠦᠮᠵᠢ ᠶᠢᠨ ᠤᠭᠰᠠᠷᠠᠬᠤ ᠵᠢᠴᠢ ᠡᠷᠬᠢᠯᠲᠡ ᠶᠢᠨ ᠪᠠᠶᠢᠳᠠᠯ ᠢ ᠬᠢᠨᠠᠨ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠤᠷᠤᠬᠤ ᠶᠢ ᠵᠦᠪᠰᠢᠶᠡᠷᠡᠬᠦ ᠳᠦᠷᠢᠮ ᠢ ᠬᠠᠥᠯᠢ ᠶᠤᠰᠤᠭᠠᠷ ᠵᠤᠬᠢᠶᠠᠨ ᠪᠠᠶᠢᠭᠤᠯᠬᠤ ᠶᠢᠨ ᠬᠠᠮᠲᠤ ᠵᠢᠯᠦᠭᠤᠳᠤᠨ ᠬᠢᠨᠠᠨ ᠲᠠᠯᠪᠢᠨ ᠬᠡᠷᠡᠭᠵᠢᠭᠦᠯᠦᠨ᠎ᠡ ᠃ ᠪᠦᠬᠦ ᠬᠤᠰᠢᠭᠤᠨ ᠤ ᠠᠶᠤᠯᠲᠠᠢ ᠬᠢᠮᠢ ᠶᠢᠨ ᠪᠤᠳᠠᠰ ᠤᠨ ᠠᠮᠤᠷ ᠲᠥᠪᠰᠢᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ᠂ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠤᠯᠲᠠ ᠶᠢᠨ ᠠᠵᠢᠯ᠂ ᠨᠡᠭᠦᠷᠡᠰᠦᠨ ᠤ ᠪᠤᠰᠤ ᠠᠭᠤᠷᠬᠠᠢ ᠶᠢᠨ ᠠᠮᠤᠷ ᠲᠥᠪᠰᠢᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠵᠢᠴᠢ ᠲᠡᠮᠦᠷᠯᠢᠭ ᠬᠠᠶᠢᠯᠤᠭᠤᠯᠬᠤ᠂ ᠦᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ ᠂ ᠨᠡᠭᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠨᠠᠢᠮᠠᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃       ᠠᠷᠪᠠᠨ ᠬᠤᠶᠠᠷ᠂ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠶᠢ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠥᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠬᠡᠨᠡᠳᠲᠡ ᠶᠢᠨ ᠬᠡᠷᠡᠭ ᠤᠨ ᠪᠠᠶᠢᠴᠠᠭᠠᠨ ᠦᠨᠡᠯᠡᠨ ᠵᠢᠱᠢᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ᠠᠷᠪᠠᠨ ᠭᠤᠷᠪᠠ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠪᠤᠳᠠᠰ ᠤᠨ ᠨᠦᠭᠡᠴᠡ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠦᠭᠦᠬᠡᠷᠦᠮᠵᠢ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠰᠢᠭᠤᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ︵ᠠᠮᠤ ᠪᠤᠳᠠᠭ᠎ᠠ ᠪᠠ ᠪᠤᠳᠠᠰ ᠤᠨ ᠨᠦᠭᠡᠴᠡ ᠶᠢᠨ ᠲᠤᠪᠴᠢᠶ᠎ᠠ︶ ᠵᠡᠷᠭᠡ ᠰᠠᠯᠠᠭ᠎ᠠ ᠮᠦᠴᠢᠷ ᠲᠠᠢ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠪᠤᠳᠠᠰ ᠤᠨ ᠰᠤᠷᠠᠭ ᠵᠠᠩᠭᠢ ᠶᠢᠨ ᠲᠠᠪᠴᠠᠩ ᠪᠠ ᠲᠤᠬᠢᠷᠠᠭᠤᠯᠤᠨ ᠲᠠᠷᠬᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃       ᠠᠷᠪᠠᠨ ᠳᠦᠷᠪᠡ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠪᠠ ᠪᠤᠯᠪᠠᠰᠤᠷᠠᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠬᠡᠷᠡᠭᠯᠡᠭᠡᠨ ᠪᠠ ᠰᠤᠷᠠᠭ ᠵᠠᠩᠭᠢᠴᠢᠯᠠᠯᠲᠠ ᠶᠢ ᠪᠠᠶᠢᠭᠤᠯᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠬᠢᠨᠠᠨ ᠬᠡᠮᠵᠢᠬᠦ ᠪᠠᠶᠢᠴᠠᠭᠠᠯᠲᠠ ᠶᠢᠨ ᠠᠵᠢᠯ ᠢ ᠵᠢᠯᠤᠭᠤᠳᠤᠨ ᠵᠤᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠤᠨ ᠵᠠᠭᠤᠴᠢ ᠪᠠᠶᠢᠭᠤᠯᠤᠮᠵᠢ ᠪᠠ ᠠᠮᠤᠷ ᠲᠥᠪᠰᠢᠨ ᠢ ᠦᠨᠡᠯᠡᠬᠦ ᠠᠵᠢᠯ ᠢ ᠡᠷᠬᠡ ᠶᠢᠨ ᠬᠡᠪᠴᠢᠶᠠᠨ ᠳᠤ ᠬᠢᠨᠠᠨ ᠬᠠᠮᠢᠶᠠᠷᠤᠨ᠎ᠠ᠃       ᠠᠷᠪᠠᠨ ᠲᠠᠪᠤ᠂ ᠪᠦᠬᠦ ᠬᠤᠰᠢᠭᠤᠨ ᠤ ᠨᠡᠭᠦᠷᠡᠰᠦᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠡᠳᠤᠷ ᠲᠤᠳᠤᠮ ᠤᠨ ᠬᠢᠨᠠᠨ ᠬᠠᠮᠢᠶᠠᠷᠬᠤ᠂ ᠪᠠᠷᠢᠮᠵᠢᠶᠠᠵᠢᠭᠰᠠᠨ ᠰᠢᠯᠭᠠᠨ ᠦᠨᠡᠯᠡᠯᠲᠡ᠂ ᠬᠦᠨᠳᠤ ᠶᠡᠭᠡ ᠠᠶᠤᠯ ᠲᠥᠭᠰᠢᠭᠦᠷᠢ ᠶᠢᠨ ᠡᠬᠢ ᠶᠢᠨ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃       ᠠᠷᠪᠠᠨ ᠵᠢᠷᠭᠤᠭ᠎ᠠ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯ ᠢ ᠡᠷᠬᠡ ᠶᠢᠨ ᠬᠡᠪᠴᠢᠶᠠᠨ ᠳᠤ ᠡᠭᠦᠷᠭᠡᠯᠡᠨ᠎ᠡ᠃      ᠠᠷᠪᠠᠨ ᠳᠤᠯᠤᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠲᠣᠲᠣᠷᠬᠠᠢ ᠦᠭᠡᠢ