ᠠᠷᠤᠨ ᠬᠤᠰᠢᠭᠤᠨ ᠤ ᠵᠠᠰᠠᠭ ᠤᠨ ᠤᠷᠳᠤᠨ ᠤ ᠠᠯᠪᠡᠨ ᠭᠡᠷ ᠤᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
       ︵ᠨᠢᠭᠡ︶ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠴᠢᠬᠤᠯᠠ ᠮᠠᠲ᠋ᠧᠷᠢᠶᠠᠯ ᠢ ᠨᠤᠤᠷᠠᠭᠯᠠᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠪᠰᠤᠷᠤᠨ ᠬᠤᠰᠢᠭᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠪᠠ ᠬᠤᠰᠢᠭᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ᠂ ᠬᠤᠰᠢᠭᠤ ᠵᠠᠰᠠᠭ ᠤᠨ ᠤᠷᠳᠤᠨ ᠤ ᠪᠠᠶᠢᠭᠤᠯᠤᠯᠭ᠎ᠠ ᠶᠢᠨ ᠨᠠᠮ ᠤᠨ ᠲᠤᠭᠤᠶᠢᠯᠠᠩ ᠤᠨ ᠨᠡᠷ᠎ᠡ ᠪᠠᠷ ᠨᠡᠶᠢᠳᠡᠯᠡᠭᠰᠡᠨ ᠠᠯᠪᠠᠨ ᠪᠢᠴᠢᠭ ᠢ ᠵᠤᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠶᠠᠷᠢᠶᠠᠨ ᠤ ᠨᠤᠤᠷᠠᠭ ᠢ ᠵᠤᠬᠢᠶᠠᠨ ᠪᠠᠶᠢᠭᠤᠯᠤᠨ ᠲᠤᠭᠤᠷᠪᠢᠨ᠎ᠠ᠃        ︵ᠬᠤᠶᠠᠷ︶ ᠵᠢᠭᠠᠪᠤᠷᠢ ᠠᠪᠬᠤ ᠵᠦᠢᠯᠡᠰ ᠤᠨ ᠲᠤᠭᠤᠷᠪᠢᠨ ᠭᠦᠢᠴᠡᠳᠭᠡᠬᠦ ᠰᠠᠨᠠᠯ ᠢ ᠰᠤᠳᠤᠯᠤᠨ᠎ᠠ᠃ ᠡᠯ᠎ᠡ ᠰᠤᠮᠤ ᠪᠠᠯᠭᠠᠰᠤ ᠶᠢᠨ ᠵᠠᠰᠠᠭ ᠤᠨ ᠤᠷᠳᠤᠨ ᠪᠠ ᠬᠤᠰᠢᠭᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠤᠰᠢᠭᠤ ᠵᠠᠰᠠᠭ ᠤᠨ ᠤᠷᠳᠤᠨ ᠠᠴᠠ ᠵᠢᠭᠠᠪᠤᠷᠢ ᠠᠪᠬᠤ ᠵᠦᠢᠯᠡᠰ ᠢ ᠰᠤᠳᠤᠯᠤᠨ᠂ ᠭᠦᠢᠴᠡᠳᠭᠡᠬᠦ ᠰᠠᠨᠠᠯ ᠲᠤᠷᠠᠳᠴᠦ᠂ ᠬᠤᠰᠢᠭᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠦᠪᠰᠢᠶᠡᠷᠡᠭᠦᠯᠦᠨ᠎ᠡ᠃        ︵ᠭᠤᠷᠪᠠ︶ ᠴᠢᠬᠤᠯᠠ ᠶᠡᠭᠡ ᠠᠰᠠᠭᠤᠳᠠᠯ ᠢ ᠶᠡᠷᠦᠩᠬᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠵᠢᠭᠠᠪᠤᠷᠢ ᠶᠢ ᠦᠨᠳᠦᠰᠦᠯᠡᠨ᠂ ᠬᠤᠰᠢᠭᠤ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠨᠢᠭᠡᠴᠡ ᠶᠢᠨ ᠬᠤᠭᠤᠷᠤᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠢ ᠵᠤᠬᠢᠴᠠᠭᠤᠯᠤᠨ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠦᠨ ᠰᠢᠢᠳᠪᠦᠷᠢ ᠭᠠᠷᠭᠠᠨ᠎ᠠ᠃        ︵ᠲᠦᠷᠪᠡ︶ ᠡᠯᠧᠺᠳ᠋ᠷᠤᠨ ᠮᠠᠲ᠋ᠧᠷᠢᠶᠠᠯ ᠪᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠪᠠ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠡᠯᠧᠺᠳ᠋ᠷᠤᠨ ᠮᠠᠲ᠋ᠧᠷᠢᠶᠠᠯ ᠢ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠪᠠ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠲᠤᠭᠳᠠᠭᠠᠭᠰᠠᠨ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃        ︵ᠲᠠᠪᠤ︶ ᠬᠤᠷᠠᠯ ᠤᠨ ᠶᠠᠪᠤᠳᠠᠯ ᠪᠠ ᠬᠤᠷᠠᠯ ᠤᠨ ᠬᠢᠨᠠᠨ ᠵᠦᠪᠰᠢᠶᠡᠷᠡᠭᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠬᠤᠷᠠᠯ ᠵᠢᠴᠢ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠬᠤᠷᠠᠯ ᠤᠨ ᠠᠵᠢᠯ ᠢ ᠬᠠᠷᠢᠭᠤᠴᠠᠨ᠎ᠠ᠃ ᠬᠤᠷᠠᠯ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠮᠵᠢᠯᠴᠠᠨ ᠬᠤᠷᠠᠯ ᠠᠴᠠ ᠲᠤᠭᠳᠠᠭᠠᠭᠰᠠᠨ ᠰᠢᠢᠳᠪᠦᠷᠢ ᠶᠢᠨ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠵᠢᠷᠭᠤᠭ᠎ᠠ︶ ᠬᠤᠰᠢᠭᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠲᠦᠯᠦᠪᠯᠡᠭᠡ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ ᠤ ᠨᠡᠷ᠎ᠡ ᠪᠠᠷ ᠡᠷᠬᠢᠯᠡᠭᠰᠡᠨ ᠰᠤᠨᠢᠨ ᠮᠡᠳᠡᠭᠡ ᠨᠡᠶᠢᠳᠡᠯᠡᠬᠦ ᠬᠦᠳᠡᠯᠭᠡᠭᠡᠨ ᠢ ᠲᠠᠭᠠᠭᠠᠴᠢᠯᠠᠨ ᠡᠷᠬᠢᠯᠡᠨ᠎ᠡ᠃        ︵ᠲᠤᠯᠤᠭ᠎ᠠ︶ ᠭᠤᠤᠯᠳᠠᠯᠭ᠎ᠠ ᠲᠠᠢ ᠠᠵᠢᠯ ᠤᠨ ᠱᠠᠭᠠᠷᠳᠠᠨ ᠪᠠᠶᠢᠴᠠᠭᠠᠯᠳᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠢᠰᠲ᠋ᠧᠮ ᠤᠨ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠬᠤᠰᠢᠭᠤᠨ ᠤ ᠵᠠᠰᠠᠭ ᠤᠨ ᠤᠷᠳᠤᠨ ᠤ ᠲᠤᠭᠳᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠴᠤᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠴᠠᠭ ᠲᠠᠷᠤᠢ  ᠳᠤᠨᠢ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠦᠨ᠎ᠡ᠃ ᠬᠤᠰᠢᠭᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠲᠠᠢ ᠬᠤᠯᠪᠤᠭᠳᠠᠭᠰᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ᠂ ᠤᠯᠤᠰ ᠲᠦᠷᠦ ᠶᠢᠨ ᠵᠦᠪᠯᠡᠯᠭᠡᠨ ᠤ ᠲᠤᠷᠠᠳᠤᠯᠭ᠎ᠠ ᠶᠢ ᠲᠤᠰᠢᠶᠠᠨ ᠭᠦᠢᠴᠡᠳᠭᠡᠬᠦ᠂ ᠱᠠᠭᠠᠷᠳᠠᠨ ᠭᠦᠢᠴᠡᠳᠭᠡᠬᠦ᠂ ᠬᠠᠷᠢᠭᠤ ᠲᠤᠰᠬᠠᠬᠤ ᠵᠡᠷᠭᠡ ᠠᠵᠢᠯ ᠢ ᠡᠭᠦᠷᠭᠡᠯᠡᠨ᠎ᠡ᠃        ︵ᠨᠠᠢᠮᠠ︶ ᠵᠠᠰᠠᠭ ᠤᠨ ᠶᠠᠪᠤᠳᠠᠯ ᠤᠨ ᠰᠤᠷᠠᠭ ᠵᠠᠩᠬᠢ ᠪᠠ ᠪᠠᠶᠢᠴᠠᠭᠠᠨ ᠰᠤᠳᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠦ᠂ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠰᠢᠢᠳᠪᠦᠷᠢᠲᠦ ᠪᠤᠳᠤᠯᠭ᠎ᠠ ᠳᠤ ᠦᠢᠯᠡᠴᠢᠯᠡᠭᠡ ᠬᠠᠩᠭᠠᠨ᠎ᠠ᠃ ᠬᠤᠰᠢᠭᠤ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠪᠠᠶᠢᠴᠠᠭᠠᠨ ᠰᠤᠳᠤᠯᠬᠤ ᠠᠵᠢᠯ ᠢ ᠵᠤᠬᠢᠶᠠᠨ ᠪᠠᠶᠢᠭᠤᠯᠤᠨ ᠲᠤᠬᠢᠷᠠᠭᠤᠯᠬᠤ ᠶᠢ ᠬᠠᠷᠢᠭᠤᠴᠠᠨ᠎ᠠ᠃        ︵ᠶᠢᠰᠦ︶ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ ᠶᠢ ᠲᠦᠯᠦᠪᠵᠢᠭᠦᠯᠦᠨ ᠬᠠᠮᠢᠶᠠᠷᠴᠦ᠂ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠢ ᠵᠤᠬᠢᠴᠠᠭᠤᠯᠤᠨ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠳᠠ ᠳᠤ ᠤᠷᠤᠯᠴᠠᠭᠤᠯᠤᠨ᠎ᠠ᠃ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ ᠤ ᠠᠯᠪᠠᠯᠠᠬᠤ ᠰᠦᠯᠵᠢᠶ᠎ᠡ ᠶᠢ ᠪᠠᠶᠢᠭᠤᠯᠤᠨ ᠬᠠᠮᠢᠶᠠᠷᠬᠤ ᠪᠠ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠤ ᠠᠯᠪᠠᠯᠠᠬᠤ ᠰᠦᠯᠵᠢᠶ᠎ᠡ ᠲᠠᠢ ᠨᠡᠪᠳᠡᠷᠡᠯᠴᠡᠬᠦ ᠶᠢ ᠬᠠᠷᠢᠭᠤᠴᠠᠨ᠎ᠠ᠃        ︵ᠠᠷᠪᠠ︶ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠵᠠᠰᠠᠭ ᠤᠨ ᠤᠷᠳᠤᠨ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠪᠢᠴᠢᠭ ᠮᠠᠲ᠋ᠧᠷᠢᠶᠠᠯ ᠢ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠢᠶᠠᠷ ᠤᠷᠴᠢᠭᠤᠯᠬᠤ ᠠᠵᠢᠯ ᠢ ᠵᠢᠯᠤᠭᠤᠳᠤᠨ᠎ᠠ᠃        ︵ᠠᠷᠪᠠᠨ ᠨᠢᠭᠡ︶ ᠠᠵᠦ ᠠᠬᠤᠢ ᠶᠢᠨ ᠠᠮᠢ ᠠᠬᠤᠢ ᠶᠢᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠰᠤᠳᠤᠯᠭᠠᠨ ᠢ ᠬᠠᠷᠢᠭᠤᠴᠠᠨ᠎ᠠ᠃ ᠠᠵᠦ ᠠᠬᠤᠢ ᠶᠢᠨ ᠠᠮᠢ ᠠᠬᠤᠢ ᠶᠢᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠴᠢᠬᠤᠯᠡ ᠶᠡᠭᠡ ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠤᠳᠤᠯᠤᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠨᠤᠤᠷᠠᠭᠯᠠᠨ᠎ᠠ᠃ ᠪᠦᠬᠦ ᠬᠤᠰᠢᠭᠤᠨ ᠤ ᠠᠵᠦ ᠠᠬᠤᠢ ᠶᠢᠨ ᠠᠮᠢ ᠠᠬᠤᠢ ᠶᠢᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠳᠠ᠂ ᠦᠨᠡᠯᠡᠯᠲᠡ ᠪᠠ ᠱᠠᠭᠠᠷᠳᠠᠨ ᠪᠠᠶᠢᠴᠠᠭᠠᠯᠳᠠ ᠬᠢᠨ᠎ᠡ᠃        ︵ᠠᠷᠪᠠᠨ ᠬᠤᠶᠠᠷ︶ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠮᠦᠩᠭᠦᠨ ᠭᠦᠢᠯᠭᠡᠭᠡᠨ ᠤ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠤᠭᠳᠠᠭᠠᠯ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠳᠠᠯ ᠪᠠ ᠮᠦᠩᠭᠦᠨ ᠭᠦᠢᠯᠭᠡᠭᠡᠨ ᠤ ᠡᠷᠬᠢᠯᠲᠡ ᠶᠢᠨ ᠪᠠᠶᠢᠳᠠᠯ ᠢ ᠰᠤᠳᠤᠯᠤᠨ ᠵᠠᠳᠠᠯᠵᠦ᠂ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠶᠡᠷᠦᠩᠬᠡᠢ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠠᠷᠪᠠᠨ ᠭᠤᠷᠪᠠ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠳᠠᠢ ᠲᠦᠯᠦᠪᠯᠡᠨ ᠪᠦᠷᠢᠨᠰᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠳᠤ ᠵᠤᠬᠢᠴᠠᠭᠤᠯᠤᠨ ᠦᠢᠯᠡᠴᠢᠯᠡᠵᠦ᠂ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠦᠭᠵᠢᠭᠦᠯᠬᠦ ᠶᠢ ᠲᠦᠯᠬᠢᠨ ᠠᠬᠢᠭᠤᠯᠵᠦ᠂ ᠮᠦᠩᠭᠦᠨ ᠭᠦᠢᠯᠭᠡᠭᠡᠨ ᠤ ᠪᠤᠳᠠᠳᠤ ᠠᠵᠦ ᠠᠬᠤᠢ ᠳᠤ ᠦᠢᠯᠡᠴᠢᠯᠡᠬᠦ ᠴᠢᠳᠠᠪᠬᠢ ᠶᠢ ᠴᠢᠩᠭᠠᠳᠬᠠᠨ᠎ᠠ᠃ ᠮᠦᠩᠭᠦᠨ ᠭᠦᠢᠯᠭᠡᠭᠡᠨ ᠤ ᠠᠷᠠᠯᠵᠢᠶ᠎ᠡ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃        ︵ᠠᠷᠪᠠᠨ ᠲᠦᠷᠪᠡ︶ ᠪᠦᠬᠦ ᠬᠤᠰᠢᠭᠤᠨ ᠤ ᠮᠦᠩᠭᠦᠨ ᠭᠦᠢᠯᠭᠡᠭᠡᠨ ᠢ ᠲᠦᠭᠡᠮᠡᠯᠵᠢᠭᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ ᠃ ︽ᠮᠠᠯᠵᠢᠬᠤ ᠲᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠲᠠᠷᠢᠶᠠᠴᠢᠨ︾ ︽ᠪᠠᠭ᠎ᠠ ᠵᠢᠵᠢᠭ ᠠᠵᠦ ᠠᠬᠤᠶᠢᠯᠠᠯ︾ ᠤᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠭᠳᠠᠯᠴᠠᠭ᠎ᠠ ᠶᠢ ᠪᠤᠶᠢᠵᠢᠭᠤᠯᠤᠨ ᠬᠦᠭᠵᠢᠭᠦᠯᠦᠨ᠎ᠡ᠃        ︵ᠠᠷᠪᠠᠨ ᠲᠠᠪᠤ︶ ᠤᠯᠠᠨ ᠲᠠᠪᠬᠤᠷᠭ᠎ᠠ ᠶᠢᠨ ᠬᠦᠷᠦᠩᠬᠡ ᠶᠢᠨ ᠵᠠᠬ᠎ᠠ ᠲᠡᠯᠭᠡᠭᠦᠷ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠠᠵᠦ ᠠᠬᠤᠶᠢᠯᠠᠯ ᠤᠨ ᠪᠡᠯᠡ ᠴᠤᠭᠯᠠᠭᠤᠯᠬᠤ ᠠᠵᠢᠯ ᠢ ᠵᠢᠯᠤᠭᠤᠳᠴᠦ᠂ ᠠᠵᠦ ᠠᠬᠤᠶᠢᠯᠠᠯ ᠤᠨ ᠵᠠᠬ᠎ᠠ ᠲᠡᠯᠭᠡᠭᠦᠷ ᠲᠤ ᠭᠠᠷᠬᠤ ᠫᠠᠶᠢᠰᠠ ᠡᠯᠭᠦᠬᠦ᠂ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠴᠤᠭᠯᠠᠭᠤᠯᠬᠤ ᠪᠠ ᠬᠤᠳᠠᠯᠳᠤᠨ ᠠᠪᠴᠦ ᠲᠠᠬᠢᠨ ᠪᠠᠶᠢᠭᠤᠯᠬᠤ᠂ ᠲᠠᠬᠢᠨ ᠪᠡᠯᠡ ᠴᠤᠭᠯᠠᠭᠤᠯᠬᠤ ᠠᠵᠢᠯ ᠢ ᠵᠤᠬᠢᠴᠠᠭᠤᠯᠤᠨ᠎ᠠ᠃ ᠦᠢᠯᠡᠰ ᠪᠤᠰᠬᠠᠬᠤ ᠪᠡᠯᠡ ᠤᠷᠤᠭᠤᠯᠬᠤ ᠰᠠᠭᠤᠷᠢ ᠮᠦᠩᠬᠦ᠂ ᠰᠲ᠋ᠤᠺ ᠤᠨ ᠡᠷᠬᠡ ᠶᠢᠨ ᠪᠡᠯᠡ ᠤᠷᠤᠭᠤᠯᠤᠭᠰᠠᠨ ᠰᠠᠭᠤᠷᠢ ᠮᠦᠩᠬᠦ ᠶᠢ ᠲᠦᠷᠢᠮᠵᠢᠭᠦᠯᠦᠨ ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃        ︵ᠠᠷᠪᠠᠨ ᠵᠢᠷᠭᠤᠭ᠎ᠠ︶ ᠨᠠᠶᠢᠳᠠᠯᠭ᠎ᠠ ᠪᠠᠷ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ᠂ ᠪᠡᠯᠡ ᠴᠤᠭᠯᠠᠭᠤᠯᠬᠤ ᠪᠠᠳᠤᠯᠠᠭ᠎ᠠ ᠶᠢᠨ ᠺᠤᠮᠫᠠᠨᠢ᠂ ᠤᠷᠤᠨ ᠪᠦᠰᠡ ᠶᠢᠨ ᠴᠢᠨᠠᠷᠳᠠᠢ ᠰᠲ᠋ᠤᠺ ᠤᠨ ᠡᠷᠬᠡ ᠶᠢᠨ ᠵᠠᠬ᠎ᠠ ᠲᠡᠯᠭᠡᠭᠦᠷ᠂ ᠲᠠᠨᠵᠢᠯᠠᠬᠤ ᠭᠠᠵᠠᠷ᠂ ᠪᠡᠯᠡ ᠴᠤᠭᠯᠠᠭᠤᠯᠬᠤ ᠲᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ ᠶᠠᠪᠤᠳᠠᠯ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠺᠤᠮᠫᠠᠨᠢ᠂ ᠤᠷᠤᠨ ᠨᠤᠲᠤᠭ ᠤᠨ ᠮᠦᠡᠭᠭᠦᠨ ᠭᠦᠢᠯᠭᠡᠭᠡᠨ ᠤ ᠬᠦᠷᠦᠩᠬᠡ ᠶᠢᠨ ᠬᠠᠮᠢᠶᠠᠷᠤᠯᠲᠠ ᠶᠢᠨ ᠺᠤᠮᠫᠠᠨᠢ ᠶᠢ ᠬᠢᠨᠠᠨ ᠬᠠᠮᠢᠶᠠᠷᠤᠨ᠎ᠠ᠃        ︵ᠠᠷᠪᠠᠨ ᠲᠤᠯᠤᠭ᠎ᠠ︶ ᠨᠠᠶᠢᠳᠠᠯᠭ᠎ᠠ ᠪᠠᠷ ᠡᠷᠬᠡ ᠠᠰᠢᠭ ᠤᠨ ᠲᠦᠷᠦᠯ ᠤᠨ᠂ ᠭᠡᠷ᠎ᠡ ᠶᠢᠨ ᠲᠦᠷᠦᠯ ᠤᠨ ᠠᠷᠠᠯᠵᠢᠶᠠᠨ ᠤ ᠲᠠᠯᠠᠪᠤᠷ ᠢ ᠬᠢᠨᠠᠨ ᠬᠠᠮᠢᠶᠠᠷᠤᠨ᠎ᠠ᠃ ᠨᠠᠶᠢᠳᠠᠯᠭ᠎ᠠ ᠪᠠᠷ ᠰᠦᠯᠵᠢᠶᠡᠨ ᠤ ᠵᠢᠭᠡᠯᠡᠯᠭᠡ ᠶᠢᠨ ᠰᠤᠷᠠᠭ ᠵᠠᠩᠬᠢ ᠶᠢᠨ ᠵᠠᠭᠤᠴᠢ ᠶᠢᠨ ᠪᠠᠶᠢᠭᠤᠯᠤᠮᠵᠢ ᠳᠤ ᠪᠠᠶᠢᠭᠤᠯᠤᠮᠵᠢ ᠶᠢᠨ ᠬᠢᠨᠠᠯᠲᠠ ᠬᠢᠨ᠎ᠡ᠃ ᠨᠠᠶᠢᠳᠠᠯᠭ᠎ᠠ ᠪᠠᠷ ᠪᠡᠯᠡ ᠤᠷᠤᠭᠤᠯᠤᠯᠳᠠ ᠶᠢᠨ ᠺᠤᠮᠫᠠᠨᠢ᠂ ᠢᠳᠡᠭᠡᠮᠵᠢ ᠶᠢᠨ ᠬᠠᠮᠵᠢᠯᠴᠠᠭ᠎ᠠ ᠲᠠᠢ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ᠂ ᠨᠡᠶᠢᠭᠡᠮ ᠤᠨ ᠬᠠᠮᠳᠤᠪᠡᠷ ᠴᠤᠭᠯᠠᠭᠤᠯᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃        ︵ᠠᠷᠪᠠᠨ ᠨᠠᠢᠮᠠ︶ ᠮᠦᠩᠭᠦᠨ ᠭᠦᠢᠯᠭᠡᠭᠡᠨ ᠤ ᠭᠠᠳᠠᠭᠠᠲᠤ ᠬᠤᠷᠰᠢᠯᠴᠠᠭ᠎ᠠ ᠰᠤᠯᠢᠯᠴᠠᠭ᠎ᠠ ᠶᠢ ᠬᠠᠷᠢᠭᠤᠴᠠᠵᠦ᠂ ᠮᠦᠩᠭᠦᠨ ᠭᠦᠢᠯᠭᠡᠭᠡᠨ ᠤ ᠤᠷᠤᠨ ᠪᠦᠰᠡ ᠶᠢᠨ ᠬᠤᠷᠰᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠤᠷᠰᠢᠯᠴᠠᠭ᠎ᠠ ᠶᠢ ᠨᠢᠭᠡᠳᠦᠯᠳᠠᠢ ᠲᠦᠯᠦᠪᠯᠡᠨ ᠵᠤᠬᠢᠴᠠᠭᠤᠯᠤᠨ᠎ᠠ᠃ ᠮᠦᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃        ︵ᠠᠷᠪᠠ ᠶᠢᠰᠦ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠰᠢᠢᠳᠪᠦᠷᠢᠯᠡᠬᠦ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶᠠᠲᠤ ᠤᠷᠤᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠲᠦᠯᠬᠢᠨ ᠠᠬᠢᠭᠤᠯᠵᠦ᠂ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠲᠤᠭᠳᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠳᠠᠭᠠᠭᠤᠯᠤᠨ ᠦᠷᠨᠢᠭᠦᠯᠦᠨ᠎ᠡ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠦᠨᠳᠦᠰᠦᠨ ᠲᠤᠭ᠎ᠠ ᠪᠠᠷᠢᠮᠳᠠ ᠪᠠ ᠰᠤᠷᠠᠭ ᠵᠠᠩᠬᠢ ᠶᠢᠨ ᠰᠢᠰᠲ᠋ᠧᠮ ᠤᠨ ᠪᠠᠶᠢᠭᠤᠯᠤᠯᠳᠠ ᠪᠠ ᠬᠠᠮᠢᠶᠠᠷᠤᠯᠲᠠ ᠶᠢ ᠬᠠᠷᠢᠭᠤᠴᠠᠨ᠎ᠠ᠃        ︵ᠬᠤᠷᠢ︶ ᠬᠤᠰᠢᠭᠤᠨ ᠤ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠬᠤ ᠶᠢ ᠬᠠᠷᠢᠭᠤᠴᠠᠨ᠎ᠠ᠃ ᠤᠷᠤᠨ ᠨᠤᠲᠤᠭ ᠤᠨ ᠬᠠᠷᠢᠶᠠᠲᠤ ᠤᠷᠤᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠤᠯᠪᠤᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠬᠤ ᠶᠢ ᠬᠠᠤᠯᠢ ᠲᠤᠭᠳᠠᠭᠠᠯ ᠶᠤᠰᠤᠭᠠᠷ ᠵᠢᠯᠤᠭᠤᠳᠤᠨ᠎ᠠ᠃ ᠬᠠᠮᠢᠶ᠎ᠠ ᠪᠦᠬᠦᠢ ᠮᠦᠩᠭᠦᠨ ᠭᠦᠢᠯᠭᠡᠭᠡᠨ ᠤ ᠦᠪᠡᠷ ᠤᠨ ᠵᠤᠬᠢᠶᠠᠨ ᠪᠠᠶᠢᠭᠤᠯᠤᠯᠳᠠ ᠶᠢᠨ ᠲᠦᠷᠢᠮᠵᠢᠭᠦᠨ ᠬᠦᠭᠵᠢᠭᠦ ᠶᠢ ᠵᠢᠯᠤᠭᠤᠳᠤᠨ᠎ᠠ᠃        ︵ᠬᠤᠷᠢᠨ ᠨᠢᠭᠡ︶ ᠠᠵᠢᠯ ᠤᠨ ᠬᠢᠷᠢ ᠪᠦᠳᠦᠮᠵᠢ ᠶᠢᠨ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠤ ᠠᠵᠢᠯ ᠤᠨ ᠬᠢᠷᠢ ᠪᠦᠳᠦᠮᠵᠢ ᠶᠢᠨ ᠬᠢᠨᠠᠨ ᠰᠢᠯᠭᠠᠬᠤ ᠠᠵᠢᠯ ᠤᠨ ᠲᠤᠬᠠᠢ ᠬᠤᠯᠪᠤᠭᠳᠠᠯ ᠪᠦᠬᠦᠢ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃        ︵ᠬᠤᠷᠢᠨ ᠬᠤᠶᠠᠷ︶ ᠬᠤᠰᠢᠭᠤ ᠵᠠᠰᠠᠭ ᠤᠨ ᠤᠷᠳᠤᠨ ᠤ ᠶᠡᠷᠦᠩᠬᠡᠢ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠂ ᠬᠤᠯᠪᠤᠭᠳᠠᠯ ᠪᠦᠬᠦᠢ ᠵᠦᠢᠯᠡᠰ ᠢ ᠬᠠᠮᠵᠢᠯᠴᠠᠨ ᠰᠢᠢᠳᠪᠦᠷᠢᠯᠡᠨ᠎ᠡ᠃        ︵ᠬᠤᠷᠢᠨ ᠭᠤᠷᠪᠠ︶ ᠪᠠᠶᠢᠭᠤᠯᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠬᠢ ᠶᠢ ᠠᠷᠪᠢᠯᠠᠬᠤ ᠬᠢᠨᠠᠨ ᠬᠠᠮᠢᠶᠠᠷᠤᠯᠲᠠ᠂ ᠠᠯᠪᠠᠨ ᠳᠤ ᠬᠡᠷᠡᠭᠯᠡᠬᠦ ᠭᠡᠷ᠂ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃        ︵ᠬᠤᠷᠢᠨ ᠲᠦᠷᠪᠡ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      
ᠢᠷᠡᠯᠲᠡ᠄ ᠲᠣᠲᠣᠷᠬᠠᠢ ᠦᠭᠡᠢ