ᠠᠷᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/7/16
     ᠨᠢᠭᠡ᠂ ᠤᠯᠤᠰ᠂ ᠦᠪᠡᠷᠳᠡᠬᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠲᠤᠬᠠᠢ ᠬᠠᠤᠯᠢ ᠴᠠᠭᠠᠵᠨ ᠬᠠᠤᠯᠢ ᠲᠦᠷᠢᠮ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ᠂ ᠡᠯᠧᠺᠳ᠋ᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠠᠷᠭ᠎ᠠ ᠠᠪᠴᠠᠯ᠂ ᠠᠵᠢᠯ ᠤᠨ ᠲᠦᠯᠤᠪᠯᠡᠭᠡ᠂ ᠪᠠᠷᠢᠮᠵᠢᠶ᠎ᠡ ᠪᠠᠷ ᠲᠦᠷᠢᠮᠵᠢᠬᠦᠯᠬᠦ᠂ ᠲᠦᠬᠦᠷᠵᠢᠬᠦᠯᠬᠦ ᠲᠦᠷᠢᠮ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃     ᠬᠤᠶᠡᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠵᠠᠰᠠᠭ ᠤᠨ ᠤᠷᠳᠤᠨ ᠤ ᠲᠤᠰᠢᠶᠠᠯ ᠡᠬᠦᠷᠭᠡ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠳᠠ ᠬᠢᠵᠤ᠂ ᠬᠤᠯᠪᠤᠭᠳᠠᠯ ᠪᠦᠬᠦᠢ ᠠᠵᠢᠯ ᠤᠨ ᠰᠠᠨᠠᠭᠤᠯᠭ᠎ᠠ ᠲᠤᠷᠠᠳᠤᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠢ ᠵᠢᠯᠤᠭᠤᠳᠤᠨ ᠱᠠᠭᠠᠷᠳᠠᠵᠤ ᠬᠤᠯᠪᠤᠭᠳᠠᠯ ᠪᠦᠬᠦᠢ ᠦᠭᠡᠷᠡᠴᠢᠯᠡᠯᠳᠡ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠶᠢ ᠵᠢᠯᠤᠭᠤᠳᠤᠨ ᠠᠬᠢᠭᠤᠯᠤᠨ᠎ᠠ᠃ ᠪᠦᠬᠦ ᠬᠤᠰᠢᠭᠤᠨ ᠤ ᠵᠠᠰᠠᠭ ᠤᠨ ᠤᠷᠳᠤᠨ ᠤ ᠲᠤᠰᠢᠶᠠᠯ ᠡᠬᠦᠷᠭᠡ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠵᠣᠬᠢᠴᠠᠭᠤᠯᠬᠤ ᠪᠠᠭ᠎ᠠ ᠲᠤᠭᠤᠶᠢᠯᠠᠩ ᠤᠨ ᠠᠯᠪᠠᠨ ᠬᠡᠷ ᠤᠨ ᠡᠳᠤᠷ ᠲᠤᠳᠤᠮ ᠤᠨ ᠠᠵᠢᠯ ᠢ ᠠᠬᠢᠭᠤᠯᠬᠤ ᠶᠢ ᠡᠬᠦᠷᠭᠡᠯᠡᠨ᠎ᠡ᠃     ᠭᠤᠷᠪᠠ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠡᠷᠭᠡ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠪᠠᠷᠢᠮᠢᠶᠠᠵᠢᠭᠤᠯᠬᠤ᠂ ᠲᠦᠷᠢᠮᠵᠢᠬᠦᠯᠬᠦ ᠪᠠᠶᠢᠭᠤᠯᠤᠯᠳᠠ ᠵᠢᠴᠢ ᠬᠡᠷᠩᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠶᠠᠪᠤᠴᠠ ᠶᠢ ᠰᠢᠯᠢᠳᠡᠭᠵᠢᠬᠦᠯᠬᠦ ᠶᠢ ᠵᠤᠬᠢᠴᠠᠭᠤᠯᠤᠨ ᠠᠬᠢᠭᠤᠯᠵᠤ᠂ ᠨᠢᠭᠡᠳᠤᠯᠳᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ᠎ᠠ᠃ ᠪᠦᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠢ ᠵᠤᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠬᠡᠷᠩᠯᠡᠭᠡᠨ ᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯᠧᠺᠳ᠋ᠷᠣᠨ ᠬᠢᠨᠠᠨ ᠪᠠᠶᠢᠴᠠᠭᠠᠬᠤ ᠠᠵᠢᠯ ᠢ ᠲᠦᠯᠬᠢᠨ ᠬᠡᠷᠩᠯᠡᠵᠤ᠂ ᠠᠷᠠᠤᠨ ᠲᠤ ᠲᠦᠬᠦᠮ ᠦᠵᠡᠬᠦᠯᠦᠨ ᠠᠵᠤ ᠠᠬᠤᠶᠢᠯᠠᠯ ᠳᠤ ᠠᠰᠢᠭᠳᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠪᠡᠷᠢ ᠶᠢ ᠨᠠᠶᠢᠳᠠᠪᠤᠷᠢᠵᠢᠭᠤᠯᠤᠨ᠎ᠠ᠃     ᠲᠦᠷᠪᠡ᠂ ᠬᠤᠰᠢᠭᠤᠨ ᠤ ᠵᠠᠰᠠᠭ ᠤᠨ ᠤᠷᠳᠤᠨ ᠤ ᠰᠢᠰᠲ᠋ᠧᠮ ᠤᠨ ᠡᠯᠧᠺᠳ᠋ᠷᠣᠨ ᠵᠠᠰᠠᠭ ᠤᠨ ᠶᠠᠪᠤᠳᠠᠯ ᠤᠨ ᠠᠵᠢᠯ ᠢ ᠨᠢᠭᠡᠳᠤᠯᠳᠠᠢ ᠲᠦᠯᠤᠪᠯᠡᠨ ᠵᠢᠯᠤᠭᠤᠳᠤᠨ᠎ᠠ ᠃ ᠪᠦᠬᠦ ᠬᠤᠰᠢᠭᠤᠨ ᠤ ᠨᠢᠭᠡ ᠴᠤᠭᠴᠠᠵᠢᠯᠲᠠ ᠶᠢᠨ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠡᠩ ᠢ ᠲᠦᠯᠤᠪᠵᠢᠬᠦᠯᠤᠨ ᠪᠠᠶᠢᠭᠤᠯᠬᠤ᠂ ᠵᠤᠬᠢᠶᠠᠨ ᠪᠠᠶᠢᠭᠤᠯᠤᠨ ᠲᠦᠯᠬᠢᠨ ᠠᠬᠢᠭᠤᠯᠬᠤ᠂ ᠨᠢᠭᠡᠳᠤᠯᠳᠠᠢ ᠲᠦᠯᠤᠪᠯᠡᠨ ᠵᠤᠬᠢᠴᠠᠭᠤᠯᠬᠤ ᠪᠠ ᠬᠢᠨᠠᠯᠲᠠ ᠲᠠᠯᠪᠢᠵᠤ ᠵᠢᠯᠤᠭᠤᠤᠨᠬᠤ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠲᠦᠯᠬᠢᠨ ᠠᠬᠢᠭᠤᠯᠬᠤ᠂ ᠵᠢᠭᠠᠨ ᠵᠢᠯᠤᠭᠤᠤᠨᠬᠤ᠂ ᠬᠠᠮᠵᠢᠯᠴᠠᠨ ᠵᠤᠬᠢᠴᠠᠭᠤᠯᠬᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃     ᠲᠠᠪᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠬᠠᠷᠢᠭᠤᠴᠠᠨ᠎ᠠ᠃ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠤᠳᠤᠷᠢᠤᠨᠬᠤ ᠪᠠᠭ᠎ᠠ ᠲᠤᠭᠤᠶᠢᠯᠠᠩ ᠤᠨ ᠠᠯᠪᠠᠨ ᠬᠡᠷ ᠤᠨ ᠡᠳᠤᠷ ᠲᠤᠳᠤᠮ ᠤᠨ ᠠᠵᠢᠯ ᠢ ᠡᠬᠦᠷᠭᠡᠯᠡᠨ᠎ᠡ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠢ ᠵᠢᠯᠤᠭᠤᠤᠨᠬᠤ᠂ ᠬᠠᠮᠵᠢᠯᠴᠠᠨ ᠵᠤᠬᠢᠴᠠᠭᠤᠯᠬᠤ ᠬᠢᠨᠠᠯᠲᠠ ᠲᠠᠯᠪᠢᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠦᠷᠨᠢᠬᠦᠯᠤᠨ᠎ᠡ᠃     ᠵᠢᠷᠭᠤᠭ᠎ᠠ᠂ ᠪᠦᠬᠦ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠠᠵᠢᠯ ᠢ ᠵᠢᠯᠤᠭᠤᠳᠤᠨ᠎ᠠ᠃ ᠪᠦᠬᠦ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠭᠠᠷᠴᠠᠭ᠂ ᠬᠠᠮᠢᠶᠠᠷᠬᠤ ᠲᠦᠷᠢᠮ ᠪᠠ ᠲᠤᠬᠠᠶᠢᠯᠠᠭᠰᠠᠨ ᠠᠵᠢᠯ ᠤᠨ ᠲᠦᠷᠢᠮ ᠢ ᠲᠤᠭᠳᠠᠭᠠᠨ᠎ᠠ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠡᠯᠧᠺᠳ᠋ᠷᠣᠨ ᠬᠢᠨᠠᠨ ᠪᠠᠶᠢᠴᠠᠭᠠᠬᠤ ᠠᠵᠢᠯ ᠢ ᠬᠡᠷᠩᠵᠢᠬᠦᠯᠤᠨ᠎ᠡ᠃ ᠬᠤᠯᠪᠤᠭᠳᠠᠯ ᠪᠦᠬᠦᠢ ᠠᠵᠢᠯ ᠦᠢᠯᠡᠰ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤ ᠪᠦᠬᠦ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠭᠤᠤᠯ ᠴᠤᠭᠴᠠ ᠶᠢᠨ ᠢᠳᠡᠬᠡᠮᠵᠢ ᠶᠢᠨ ᠰᠤᠷᠠᠭ ᠵᠠᠩᠬᠢ ᠶᠢᠨ ᠬᠦᠮᠤᠷᠭᠡ ᠪᠠ ᠢᠳᠡᠬᠡᠮᠵᠢ ᠶᠢᠨ ᠦᠨᠡᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠤ᠂ ᠢᠳᠡᠬᠡᠮᠵᠢ ᠶᠢᠨ ᠬᠢᠨᠠᠨ ᠬᠠᠮᠢᠶᠠᠷᠤᠯᠳᠡ ᠶᠢ ᠲᠦᠯᠬᠢᠨ ᠠᠬᠢᠭᠤᠯᠤᠨ᠂ ᠤᠯᠠᠨ ᠨᠡᠶᠢᠲᠡ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠤ ᠬᠦᠨᠳᠤ ᠰᠦᠷᠡᠬᠡᠢ ᠢᠳᠡᠭᠡᠮᠵᠢ ᠪᠠᠨ ᠠᠯᠳᠠᠭᠰᠠᠨ ᠭᠤᠤᠯ ᠴᠤᠭᠴᠠ ᠶᠢ ᠬᠤᠯᠪᠤᠭᠠᠯᠠᠨ ᠵᠠᠯᠬᠠᠭᠠᠨ ᠴᠡᠬᠡᠷᠯᠡᠬᠦᠯᠬᠦ ᠶᠢ ᠦᠷᠨᠢᠬᠦᠯᠤᠨ᠎ᠡ᠃ ᠬᠠᠭᠤᠴᠢᠨ ᠪᠠᠷᠭᠤ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯ ᠤᠨ ᠬᠤᠯᠪᠤᠭᠠᠳᠤ ᠬᠤᠷᠠᠯᠳᠤᠭᠠᠨ ᠤ ᠠᠯᠪᠠᠨ ᠬᠡᠷ ᠤᠨ ᠡᠳᠤᠷ ᠲᠤᠳᠤᠮ ᠤᠨ ᠠᠵᠢᠯ ᠢ ᠡᠬᠦᠷᠭᠡᠯᠡᠨ᠎ᠡ᠃     ᠲᠤᠯᠤᠭ᠎ᠠ᠂ ᠪᠦᠬᠦ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠠᠵᠢᠯ ᠢ ᠵᠢᠯᠤᠭᠤᠳᠤᠨ᠎ᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠪᠠ ᠬᠠᠤᠯᠢ ᠴᠠᠭᠠᠵᠨ ᠬᠠᠤᠯᠢ ᠲᠦᠷᠢᠮ ᠢ ᠲᠤᠤᠱᠯᠠᠭᠤᠯᠤᠨ ᠬᠡᠷᠩᠵᠢᠬᠦᠯᠤᠨ᠎ᠡ᠃ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠡᠯᠧᠺᠳ᠋ᠷᠣᠨ ᠬᠢᠨᠠᠨ ᠪᠠᠶᠢᠴᠠᠭᠠᠬᠤ ᠠᠵᠢᠯ ᠢ ᠬᠡᠷᠩᠵᠢᠬᠦᠯᠤᠨ᠎ᠡ᠃ ᠬᠤᠯᠪᠤᠭᠳᠠᠯ ᠪᠦᠬᠦᠢ ᠠᠵᠢᠯ ᠲᠦᠷᠤᠯ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤ ᠪᠦᠬᠦ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠠᠷᠠᠯᠵᠢᠶᠠᠯᠠᠬᠤ ᠭᠤᠤᠯ ᠴᠤᠭᠴᠠ ᠶᠢᠨ ᠢᠳᠡᠭᠡᠮᠵᠢ ᠶᠢᠨ ᠰᠤᠷᠠᠭ ᠵᠠᠩᠬᠢ ᠶᠢᠨ ᠬᠦᠮᠤᠷᠬᠡ ᠪᠠ ᠢᠳᠡᠭᠡᠮᠵᠢ ᠶᠢᠨ ᠦᠨᠡᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠤ᠂ ᠢᠳᠡᠭᠡᠮᠵᠢᠳᠤ ᠬᠢᠨᠠᠨ ᠬᠠᠮᠢᠶᠠᠷᠬᠤ ᠶᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠦᠷᠢᠶ᠎ᠡ ᠴᠠᠷᠠᠭᠠᠨ ᠤ ᠬᠦᠨᠳᠤ ᠰᠦᠷᠡᠬᠡᠢ ᠢᠳᠡᠬᠡᠮᠵᠢ ᠪᠠᠨ ᠠᠯᠳᠠᠭᠰᠠᠨ ᠭᠤᠤᠯ ᠴᠤᠭᠴᠠ ᠶᠢ ᠬᠤᠯᠪᠤᠭᠠᠠᠨ ᠵᠠᠯᠬᠠᠭᠠᠨ ᠰᠢᠢᠤᠨᠬᠡᠨ᠎ᠡ᠃     ᠨᠠᠢᠮᠠ᠂ ᠬᠤᠰᠢᠭᠤᠨ ᠤ ᠲᠤᠰ ᠱᠠᠳᠤᠨ ᠤ ᠵᠠᠰᠠᠭ ᠤᠨ ᠶᠠᠪᠤᠳᠠᠯ ᠤᠨ ᠪᠤᠳᠠᠳᠤ ᠴᠤᠭᠴᠠ ᠶᠢᠨ ᠶᠡᠭᠡ ᠲᠢᠩᠬᠢᠮ ᠤᠨ ᠡᠷᠬᠢᠯᠲᠡ ᠶᠢᠨ ᠠᠵᠢᠯ ᠢ ᠵᠢᠯᠤᠭᠤᠳᠤᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠤᠨᠬᠡᠬᠦ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ ᠬᠢᠨᠠᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠦᠨᠡᠯᠡᠯᠳᠡ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠬᠦ ᠶᠢ ᠬᠠᠷᠢᠭᠤᠴᠠᠨ᠎ᠠ᠃     ᠶᠢᠰᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠡᠯᠧᠺᠳ᠋ᠷᠣᠨ ᠵᠠᠰᠠᠭ ᠤᠨ ᠶᠠᠪᠤᠳᠠᠯ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠪᠠ ᠲᠦᠪᠯᠡᠷᠡᠬᠦᠯᠤᠨ ᠬᠤᠳᠠᠯᠳᠤᠨ ᠠᠪᠬᠤ ᠶᠢ ᠤᠷᠤᠯᠠᠬᠤ ᠠᠵᠢᠯ ᠤᠨ ᠡᠳᠤᠷ ᠲᠤᠳᠤᠮ ᠤᠨ ᠬᠢᠨᠠᠨ ᠬᠠᠮᠢᠶᠠᠷᠬᠤ ᠪᠠ ᠤᠨ ᠤ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠰᠠᠭᠤᠨ ᠯᠠᠪᠯᠠᠬᠤ᠂ ᠵᠠᠭᠠᠯᠳᠤᠬᠤ᠂ ᠰᠠᠨᠠᠭᠤᠯᠬᠤ ᠠᠵᠢᠯ ᠢ ᠬᠦᠯᠢᠶᠡᠨ᠎ᠡ᠃     ᠠᠷᠪᠠ᠂ ᠬᠤᠰᠢᠭᠤᠨ ᠤ ᠵᠠᠰᠠᠭ ᠤᠨ ᠤᠷᠳᠤᠨ ᠤ ᠬᠠᠯᠠᠭᠤᠨ ᠤᠳᠠᠰᠤ ᠶᠢᠨ ᠠᠵᠢᠯ ᠢ ᠵᠢᠯᠤᠭᠤᠳᠤᠨ ᠠᠬᠢᠭᠤᠯᠬᠤ ᠶᠢ ᠬᠠᠷᠢᠭᠤᠴᠠᠨ᠎ᠠ᠃     ᠠᠷᠪᠠᠨ ᠨᠢᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠬᠦᠢᠴᠡᠤᠨᠬᠡᠨ᠎ᠡ᠃
ᠢᠷᠡᠯᠲᠡ᠄ ᠲᠣᠲᠣᠷᠬᠠᠢ ᠦᠭᠡᠢ