ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠬᠠᠢ ᠠᠵᠢᠯ ᠤᠨ ᠬᠠᠤᠯᠢ | ᠴᠠᠭᠠᠵᠠ ᠬᠠᠤᠯᠢ ᠲᠤᠭᠳᠠᠭᠠᠯ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠠᠷᠠᠳ ᠤᠨ ᠦᠮᠴᠢᠯᠡᠵᠦ ᠪᠦᠬᠦᠢ | ᠭᠠᠵᠠᠷ ᠰᠢᠷᠤᠢ᠂ ᠠᠭᠤᠷᠬᠠᠢ ᠶᠢᠨ ᠭᠠᠷᠤᠯᠲᠠ᠂ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ | ᠬᠦᠷᠦᠩᠬᠡ ᠶᠢᠨ ᠦᠮᠴᠢᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠ ᠦᠮᠴᠢᠯᠡᠵᠦ ᠪᠠᠶᠢᠭ᠎ᠠ ᠤᠯᠤᠰ ᠤᠨ ᠨᠤᠲᠤᠭ ᠲᠠᠪᠢᠰᠭᠡᠷ ᠤᠨ ᠤᠷᠤᠨ ᠵᠠᠢ ᠶᠢᠨ ᠬᠡᠷᠡᠭᠯᠡᠭᠡᠨ ᠢ | ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠦ᠂ ᠬᠤᠯᠪᠤᠭᠳᠠᠯ ᠪᠦᠬᠦᠢ ᠬᠠᠮᠢᠶᠠᠷᠤᠯᠳᠠ ᠶᠢᠨ ᠠᠷᠭ᠎ᠠ ᠠᠪᠴᠠᠯ ᠢ ᠲᠤᠭᠤᠷᠪᠢᠬᠤ ᠶᠢᠨ ᠬᠠᠮᠲᠤ | ᠲᠤᠤᠱᠯᠠᠭᠤᠯᠤᠨ ᠬᠡᠷᠡᠭᠵᠢᠭᠦᠯᠦᠨ᠎ᠡ᠃ | ᠬᠤᠶᠠᠷ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠶᠢ ᠬᠠᠷᠢᠭᠤᠴᠠᠨ᠎ᠠ᠃ ᠤᠯᠤᠰ ᠤᠨ ᠲᠤᠭᠳᠠᠭᠠᠭᠰᠠᠨ ᠪᠠᠶᠢᠭᠠᠯᠢ ᠶᠢᠨ ᠡᠬᠢ | ᠪᠠᠶᠠᠯᠢᠭ ᠤᠨ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠭᠦᠢᠴᠡᠳᠭᠡᠯ ᠲᠤᠭ᠎ᠠ ᠶᠢᠨ ᠲᠤᠭᠳᠠᠯᠴᠠᠭ᠎ᠠ ᠪᠠ ᠲᠤᠭ᠎ᠠ ᠪᠦᠷᠢᠳᠭᠡᠯ ᠤᠨ ᠪᠠᠷᠢᠮᠵᠢᠶ᠎ᠠ ᠶᠤᠰᠤᠭᠠᠷ᠂ ᠪᠦᠬᠦ | ᠬᠤᠰᠢᠭᠤᠨ ᠤ ᠨᠢᠭᠡᠳᠦᠯᠳᠠᠢ ᠲᠦᠯᠦᠪᠵᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠲᠦᠷᠢᠮ ᠢ ᠪᠠᠶᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠠᠵᠢᠯ ᠢ ᠦᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠦᠨᠳᠦᠰᠦᠨ ᠪᠠᠶᠢᠴᠠᠭᠠᠯᠳᠠ | ᠂ ᠲᠤᠰᠬᠠᠢ ᠲᠦᠷᠦᠯ ᠤᠨ ᠪᠠᠶᠢᠴᠠᠭᠠᠯᠳᠠ ᠪᠠ ᠬᠢᠨᠠᠨ ᠬᠡᠮᠵᠢᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠦ ᠬᠢᠨᠠᠨ | ᠬᠡᠮᠵᠢᠵᠦ ᠦᠨᠡᠯᠡᠭᠰᠡᠨ ᠦᠷ᠎ᠡ ᠳ᠋ᠦᠡᠭ ᠢ ᠬᠢᠨᠠᠨ ᠬᠠᠮᠢᠶᠠᠷᠬᠤ ᠪᠠ ᠰᠤᠷᠠᠭ ᠵᠠᠩᠬᠢ ᠨᠡᠶᠢᠳᠡᠯᠡᠬᠦ ᠶᠢ ᠬᠠᠷᠢᠭᠤᠴᠠᠨ᠎ᠠ᠃ | ᠭᠤᠷᠪᠠ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠳᠠᠢ ᠡᠷᠬᠡ ᠶᠢ ᠲᠤᠭᠳᠠᠭᠠᠬᠤ ᠲᠠᠩᠰᠠᠯᠠᠬᠤ ᠠᠵᠢᠯ ᠢ ᠬᠠᠷᠢᠭᠤᠴᠠᠨ᠎ᠠ᠃ ᠤᠯᠤᠰ | ᠂ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠨ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠦᠷᠦᠩᠭᠡ ᠶᠢᠨ ᠨᠢᠭᠡᠳᠦᠯᠳᠠᠢ ᠡᠷᠬᠡ ᠶᠢ | ᠲᠤᠭᠳᠠᠭᠠᠨ ᠲᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠲᠤᠭᠳᠠᠮᠠᠯ ᠬᠦᠷᠦᠩᠭᠡ ᠶᠢ ᠬᠡᠮᠵᠢᠨ ᠵᠢᠷᠤᠬᠤ᠂ ᠵᠦᠷᠢᠴᠡᠯ ᠢ ᠵᠤᠬᠢᠴᠠᠭᠤᠯᠤᠨ ᠰᠢᠢᠳᠪᠦᠷᠢᠯᠡᠬᠦ᠂ | ᠦᠷ᠎ᠡ ᠪᠦᠳᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠲᠦᠷᠢᠮᠵᠢᠯ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠪᠠ ᠲᠤᠭᠳᠠᠮᠠᠯ ᠬᠦᠷᠦᠩᠬᠡ ᠶᠢ ᠲᠠᠩᠰᠠᠯᠠᠬᠤ ᠰᠤᠷᠠᠭ ᠵᠠᠩᠬᠢ ᠶᠢᠨ ᠬᠠᠮᠢᠶᠠᠷᠤᠯᠳᠠ ᠶᠢᠨ ᠰᠠᠭᠤᠷᠢ ᠲᠠᠪᠴᠠᠩ ᠢ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠪᠠ ᠲᠤᠭᠳᠠᠮᠠᠯ ᠬᠦᠷᠦᠩᠬᠡ ᠶᠢ ᠲᠠᠩᠰᠠᠯᠠᠭᠰᠠᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠭᠡᠬᠦ᠂ ᠬᠠᠮᠳᠤᠪᠡᠷ ᠡᠳ᠋ᠯᠡᠬᠦ᠂ ᠬᠤᠷᠢᠶᠠᠩᠭᠤᠶᠢᠯᠠᠨ ᠬᠠᠮᠢᠶᠠᠷᠬᠤ ᠠᠵᠢᠯ | ᠵᠡᠷᠭᠡ ᠠᠵᠢᠯ ᠢ ᠬᠠᠷᠢᠭᠤᠴᠠᠨ᠎ᠠ᠃ | ᠲᠦᠷᠪᠡ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢ ᠦᠨ᠎ᠡ ᠲᠦᠯᠦᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠪᠦᠬᠦ | ᠠᠷᠠᠳ ᠤᠨ ᠦᠮᠴᠢᠯᠡᠵᠦ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢᠨ ᠲᠤᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠠᠷᠠᠳ ᠤᠨ ᠦᠮᠴᠢᠯᠡᠵᠦ | ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠢ ᠦᠭᠴᠡᠭᠡᠨ ᠤ ᠬᠦᠰᠦᠨᠦᠭ ᠢ ᠨᠠᠶᠢᠷᠠᠭᠤᠯᠤᠨ᠎ᠠ᠃ ᠪᠦᠬᠦ ᠠᠷᠠᠳ ᠤᠨ ᠦᠮᠴᠢᠯᠡᠵᠦ ᠪᠦᠬᠦᠢ | ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢ ᠰᠢᠯᠵᠢᠭᠦᠯᠦᠨ ᠦᠭᠬᠦ᠂ ᠬᠢᠮᠳᠡ ᠦᠨ᠎ᠡ ᠪᠠᠷ ᠬᠤᠳᠠᠯᠳᠤᠬᠤ᠂ ᠲᠦᠷᠢᠶᠡᠰᠦᠯᠡᠬᠦ᠂ ᠦᠨ᠎ᠡ ᠲᠤᠭᠳᠠᠭᠠᠨ ᠪᠡᠯᠡ | ᠭᠠᠷᠭᠠᠬᠤ ᠪᠠ ᠭᠠᠵᠠᠷ ᠨᠤᠲᠤᠭ ᠢ ᠨᠦᠭᠡᠴᠡᠯᠡᠬᠦ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠷᠠᠳ ᠤᠨ ᠦᠮᠴᠢᠯᠡᠵᠦ ᠪᠦᠬᠦᠢ | ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢ ᠵᠤᠬᠢᠰᠳᠠᠢ ᠲᠤᠬᠢᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠳᠡᠭ ᠢ ᠦᠨᠡᠯᠡᠬᠦ | ᠬᠠᠮᠢᠶᠠᠷᠤᠯᠲᠠ ᠶᠢ ᠬᠠᠷᠢᠭᠤᠴᠠᠵᠦ᠂ ᠡᠷᠬᠡ ᠶᠢᠨ ᠬᠡᠪᠴᠢᠶᠡᠨ ᠳᠤ ᠬᠤᠯᠪᠤᠭᠳᠠᠯ ᠪᠦᠬᠦᠢ ᠬᠦᠷᠦᠩᠬᠡ ᠶᠢᠨ ᠠᠰᠢᠭ ᠤᠷᠤᠯᠭ᠎ᠠ ᠶᠢ ᠬᠠᠤᠯᠢ ᠶᠤᠰᠤᠭᠠᠷ ᠬᠤᠷᠢᠶᠠᠮᠵᠢᠯᠠᠵᠦ | ᠲᠤᠰᠢᠶᠠᠨ᠎ᠠ᠃ | ᠲᠠᠪᠤ᠂ ᠪᠠᠶᠢᠭᠠᠯᠢ ᠶᠢᠨ ᠡᠬᠢ ᠪᠠᠶᠠᠯᠢᠭ ᠢ ᠵᠤᠬᠢᠰᠳᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠭᠵᠢᠯᠲᠡ ᠶᠢᠨ | ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠦᠪᠡᠷᠳᠡᠭᠡᠨ ᠵᠠᠰᠬᠠᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠᠷᠢᠮᠵᠢᠶ᠎ᠠ ᠶᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢ ᠨᠡᠶᠢᠳᠡᠯᠡᠬᠦ ᠲᠤᠭᠳᠠᠯᠴᠠᠭ᠎ᠠ ᠶᠢ ᠪᠠᠶᠢᠭᠤᠯᠵᠦ᠂ | ᠪᠠᠶᠢᠭᠠᠯᠢ ᠶᠢᠨ ᠡᠬᠢ ᠪᠠᠶᠠᠯᠢᠭ ᠢ ᠲᠡᠰ ᠬᠤᠪᠢᠶᠠᠨ ᠵᠡᠷᠭᠡ ᠲᠤᠭᠳᠠᠭᠠᠬᠬᠤ ᠦᠨ᠎ᠡ ᠬᠠᠩᠰᠢ ᠶᠢᠨ ᠦᠨᠡᠯᠡᠯᠲᠡ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠪᠠᠶᠢᠭᠠᠯᠢ ᠶᠢᠨ | ᠡᠬᠢ ᠪᠠᠶᠠᠯᠢᠭ ᠢ ᠠᠰᠢᠭᠯᠠᠨ ᠦᠨᠡᠯᠡᠨ ᠬᠢᠨᠠᠨ ᠰᠢᠯᠭᠠᠬᠤ ᠶᠢ ᠦᠷᠨᠢᠭᠦᠯᠤᠨ᠂ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠵᠢᠭᠠᠨ ᠵᠢᠯᠤᠭᠤᠳᠤᠨ᠎ᠠ᠃ ᠪᠠᠶᠢᠭᠠᠯᠢ ᠶᠢᠨ | ᠡᠬᠢ ᠪᠠᠶᠠᠯᠢᠭ ᠤᠨ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠤᠬᠢᠷᠠᠭᠤᠯᠭ᠎ᠠ᠂ | ᠤᠷᠤᠨ ᠪᠦᠰᠡ ᠶᠢᠨ ᠵᠤᠬᠢᠴᠠᠭᠤᠯᠭ᠎ᠠ ᠪᠠ ᠬᠤᠳᠠ ᠬᠦᠳᠡᠭᠡ ᠶᠢ ᠨᠢᠭᠡᠳᠦᠯᠳᠠᠢ ᠲᠦᠯᠦᠪᠯᠡᠬᠦ ᠲᠠᠢ ᠬᠤᠯᠪᠤᠭᠳᠠᠭᠰᠠᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ | ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠵᠢᠷᠭᠤᠭ᠎ᠠ᠂ ᠤᠷᠤᠨ ᠵᠠᠢ ᠶᠢᠨ ᠲᠦᠯᠦᠪᠵᠢᠭᠦᠯᠭᠡ ᠶᠢᠨ ᠲᠤᠭᠳᠠᠯᠴᠠᠭ᠎ᠠ ᠶᠢ ᠪᠠᠶᠢᠭᠤᠯᠬᠤ ᠶᠢᠨ ᠬᠠᠮᠲᠤ ᠬᠢᠨᠠᠯᠳᠠ ᠲᠠᠯᠪᠢᠨ ᠬᠡᠷᠡᠭᠵᠢᠭᠦᠯᠬᠦ ᠶᠢ ᠬᠠᠷᠢᠭᠤᠴᠠᠨ᠎ᠠ᠃ | ᠭᠤᠤᠯ ᠴᠢᠳᠠᠮᠵᠢ ᠶᠢᠨ ᠤᠷᠤᠨ ᠤ ᠪᠠᠶᠢᠯᠳᠤᠬᠤ ᠪᠤᠳᠤᠯᠭ᠎ᠠ ᠪᠠ ᠲᠦᠷᠢᠮ ᠢ ᠲᠦᠯᠬᠢᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠤᠯᠤᠰ ᠤᠨ ᠨᠤᠲᠤᠭ | ᠲᠡᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠭᠡ᠂ ᠬᠤᠯᠪᠤᠭᠳᠠᠯ ᠪᠦᠬᠦᠢ ᠲᠤᠰᠬᠠᠢ ᠲᠦᠷᠦᠯ ᠤᠨ ᠲᠦᠯᠦᠪᠵᠢᠭᠦᠯᠭᠡ᠂ ᠡᠵᠡᠮᠰᠢᠯ ᠤᠨ ᠴᠢᠨᠠᠷᠳᠠᠢ ᠨᠠᠷᠢᠨ | ᠲᠦᠯᠦᠪᠵᠢᠭᠦᠯᠭᠡ᠂ ᠬᠤᠳᠠ ᠶᠢᠨ ᠲᠦᠯᠦᠪᠯᠡᠭᠡ᠂ ᠬᠦᠳᠡᠭᠡ ᠲᠤᠰᠬᠤᠨ ᠤ ᠲᠦᠯᠦᠪᠵᠢᠭᠦᠯᠭᠡ ᠶᠢᠨ ᠨᠠᠶᠢᠷᠠᠭᠤᠯᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ | ᠡᠭᠦᠨ ᠤ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠮᠢ ᠠᠬᠤᠢ ᠶᠢ ᠬᠠᠮᠠᠭᠠᠯᠠᠬᠤ ᠤᠯᠠᠭᠠᠨ ᠤᠳᠠᠰᠤ᠂ ᠪᠠᠶᠢᠩᠭᠤ ᠶᠢᠨ ᠦᠨᠳᠦᠰᠦᠨ ᠲᠠᠷᠢᠶᠠᠨ ᠭᠠᠵᠠᠷ᠂ | ᠬᠤᠳᠠ ᠪᠠᠯᠭᠠᠰᠤ ᠶᠢ ᠨᠡᠬᠡᠭᠡᠨ ᠬᠦᠭᠵᠢᠭᠦᠯᠬᠦ ᠵᠠᠭᠠᠭ ᠵᠡᠷᠭᠡ ᠡᠵᠡᠮᠰᠢᠯ ᠱᠤᠭᠤᠮ ᠢ ᠬᠤᠪᠢᠶᠠᠷᠢᠯᠠᠨ ᠲᠤᠭᠳᠠᠭᠠᠵᠦ᠂ ᠡᠬᠢ ᠪᠠᠶᠠᠯᠢᠭ ᠢ ᠠᠷᠪᠢᠯᠠᠬᠤ ᠪᠠ ᠤᠷᠴᠢᠨ | ᠲᠤᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠤᠷᠤᠨ ᠵᠠᠢ ᠶᠢᠨ ᠪᠠᠶᠢᠷᠢᠯᠠᠭᠤᠯᠤᠯᠳᠠ ᠶᠢ ᠡᠭᠦᠳᠦᠨ ᠪᠠᠶᠢᠭᠤᠯᠤᠨ᠎ᠠ᠃ ᠤᠯᠤᠰ ᠤᠨ | ᠨᠤᠲᠤᠭ ᠲᠠᠪᠢᠰᠭᠡᠷ ᠤᠨ ᠤᠷᠤᠨ ᠵᠠᠢ ᠶᠢ ᠨᠡᠭᠡᠭᠡᠨ ᠬᠦᠭᠵᠢᠭᠦᠯᠬᠦ ᠲᠤᠬᠢᠷᠠᠮᠵᠢᠳᠠᠢ ᠦᠨᠡᠯᠡᠯᠲᠡ ᠬᠢᠵᠦ᠂ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢᠨ | ᠲᠦᠯᠦᠪᠵᠢᠭᠦᠯᠭᠡ ᠶᠢ ᠬᠡᠷᠡᠭᠵᠢᠭᠦᠯᠬᠦ ᠬᠢᠨᠠᠨ ᠬᠡᠮᠵᠢᠯᠲᠡ᠂ ᠦᠨᠡᠯᠡᠬᠦ ᠪᠠ ᠰᠡᠷᠡᠮᠵᠢᠯᠡᠭᠦᠯᠬᠦ ᠲᠤᠭᠳᠠᠯᠴᠠᠭ᠎ᠠ ᠶᠢ ᠪᠠᠶᠢᠭᠤᠯᠤᠨ᠎ᠠ᠃ ᠤᠯᠤᠰ ᠤᠨ ᠨᠤᠲᠤᠭ ᠲᠡᠪᠢᠰᠭᠡᠷ ᠤᠨ | ᠤᠷᠤᠨ ᠵᠠᠢ ᠶᠢ ᠬᠡᠷᠡᠭᠯᠡᠬᠦ ᠶᠢ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ | ᠲᠤᠭᠳᠠᠭᠠᠬᠤ ᠶᠢᠨ ᠬᠠᠮᠲᠤ ᠬᠢᠨᠠᠨ ᠬᠡᠷᠡᠭᠵᠢᠭᠦᠯᠦᠨ᠎ᠡ᠃ ᠭᠠᠵᠠᠷ ᠰᠢᠷᠤᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠨ ᠤ ᠠᠰᠢᠭᠯᠠᠬᠤ ᠲᠦᠯᠦᠪᠯᠡᠭᠡ ᠶᠢ ᠵᠤᠬᠢᠶᠠᠨ | ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃ ᠭᠠᠵᠠᠷ ᠰᠢᠷᠤᠢ ᠵᠡᠷᠭᠡ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢ ᠬᠡᠷᠡᠭᠴᠡᠭᠡ ᠶᠢ | ᠰᠢᠯᠵᠢᠭᠦᠯᠦᠨ ᠬᠡᠷᠡᠭᠡᠯᠡᠬᠦ ᠠᠵᠢᠯ ᠢ ᠬᠠᠷᠢᠭᠤᠴᠠᠨ᠎ᠠ᠃ ᠭᠠᠵᠠᠷ ᠰᠢᠷᠤᠢ ᠶᠢ ᠲᠠᠳᠠᠪᠤᠷᠢᠯᠠᠨ ᠬᠤᠷᠢᠶᠠᠬᠤ ᠲᠠᠳᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ᠲᠤᠯᠤᠭ᠎ᠠ᠂ ᠤᠯᠤᠰ ᠤᠨ ᠨᠤᠲᠤᠭ ᠲᠠᠪᠢᠰᠭᠡᠷ ᠤᠨ ᠤᠷᠤᠨ ᠵᠠᠢ ᠶᠢ ᠨᠢᠭᠡᠳᠦᠯᠳᠠᠢ ᠲᠦᠯᠦᠪᠯᠡᠨ ᠠᠮᠢ ᠠᠬᠤᠢ ᠶᠢ ᠵᠠᠰᠠᠨ ᠰᠡᠷᠭᠦᠭᠡᠬᠦ ᠶᠢ ᠬᠠᠷᠢᠭᠤᠴᠠᠨ᠎ᠠ᠃ | ᠤᠯᠤᠰ ᠤᠨ ᠨᠤᠲᠤᠭ ᠲᠠᠪᠢᠰᠭᠡᠷ ᠤᠨ ᠤᠷᠤᠨ ᠵᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ | ᠬᠠᠮᠢᠶ᠎ᠠ ᠪᠦᠬᠦᠢ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠤᠯᠤᠰ ᠤᠨ ᠨᠤᠲᠤᠭ | ᠲᠠᠪᠢᠰᠭᠡᠷ ᠤᠨ ᠤᠷᠤᠨ ᠵᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠤᠢ ᠶᠢ ᠲᠡᠭᠰᠢᠯᠡᠨ ᠲᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ | ᠰᠢᠨᠵᠢᠯᠡᠭᠡᠨ ᠤ ᠤᠷᠴᠢᠨ ᠲᠤᠭᠤᠷᠢᠨ ᠢ ᠰᠡᠷᠭᠦᠭᠡᠨ ᠵᠠᠰᠠᠬᠤ ᠠᠵᠢᠯ ᠢ ᠵᠤᠬᠢᠶᠠᠨ ᠪᠠᠶᠢᠭᠤᠯᠤᠨ᠎ᠠ᠃ ᠠᠮᠢ ᠠᠬᠤᠢ ᠶᠢ ᠬᠠᠮᠠᠭᠠᠯᠠᠬᠤ ᠨᠦᠬᠦᠪᠦᠷᠢ ᠶᠢᠨ ᠲᠦᠷᠢᠮ ᠢ | ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠪᠡᠯᠡ ᠮᠦᠩᠬᠦ ᠶᠢ ᠵᠤᠬᠢᠰᠳᠠᠢ ᠠᠰᠢᠭᠯᠠᠨ ᠠᠮᠢ ᠠᠬᠤᠢ ᠶᠢ ᠰᠡᠷᠭᠦᠭᠡᠬᠦ ᠲᠦᠷᠦ ᠶᠢᠨ ᠪᠤᠳᠤᠯᠭ᠎ᠠ ᠠᠷᠭ᠎ᠠ ᠠᠪᠴᠠᠯ ᠢ | ᠲᠤᠭᠳᠠᠭᠠᠵᠤ᠂ ᠰᠤᠩᠭᠤᠬᠤ ᠶᠢ ᠪᠡᠯᠡᠳᠭᠡᠬᠦ ᠲᠦᠷᠦᠯ ᠵᠦᠢᠯ ᠢ ᠲᠤᠷᠠᠳᠤᠨ᠎ᠠ᠃ | ᠨᠠᠢᠮᠠ᠂ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ | ᠲᠦᠷᠦ ᠶᠢᠨ ᠪᠤᠳᠤᠯᠭ᠎ᠠ ᠶᠢ ᠲᠤᠯᠤᠭᠠᠶᠢᠯᠠᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠡᠮᠵᠢᠶ᠎ᠡ᠂ ᠴᠢᠨᠠᠷ ᠴᠢᠨᠰᠠᠭ᠎ᠠ᠂ ᠠᠮᠢ ᠠᠬᠤᠢ ᠶᠢ ᠬᠠᠮᠠᠭᠠᠯᠠᠬᠤ ᠶᠢ ᠬᠠᠷᠢᠭᠤᠴᠠᠨ᠎ᠠ | ᠃ ᠲᠠᠷᠢᠶᠠᠨ ᠭᠠᠵᠠᠷ ᠢ ᠬᠠᠮᠠᠭᠠᠠᠯᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠪᠠᠶᠢᠩᠭᠤ ᠶᠢᠨ ᠦᠨᠳᠦᠰᠦᠨ ᠲᠠᠷᠢᠶᠠᠨ ᠭᠠᠵᠠᠷ ᠢ ᠤᠨᠴᠠᠭᠠᠶᠢᠯᠠᠨ | ᠬᠠᠮᠠᠭᠠᠯᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠨᠦᠬᠦᠪᠦᠷᠢ ᠶᠢᠨ ᠲᠡᠩᠴᠡᠭᠦᠷᠢ ᠶᠢᠨ ᠲᠦᠷᠢᠮ ᠢ ᠨᠠᠶᠢᠳᠠᠪᠤᠷᠢᠵᠢᠭᠤᠯᠵᠦ᠂ | ᠲᠠᠷᠢᠶᠠᠨ ᠭᠠᠵᠠᠷ ᠢ ᠡᠵᠡᠯᠡᠭᠰᠡᠨ ᠨᠦᠬᠦᠪᠦᠷᠢ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠡᠷᠬᠡ ᠶᠢᠨ ᠬᠡᠪᠴᠢᠶᠡᠨ ᠳᠤ ᠪᠦᠬᠦ | ᠬᠤᠰᠢᠭᠤᠨ ᠤ ᠭᠠᠵᠠᠷ ᠰᠢᠷᠤᠢ ᠶᠢ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠶᠢᠨ ᠵᠢᠷᠤᠭ ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ | ᠲᠦᠷᠦᠯ ᠵᠦᠢᠯ ᠢ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ | ᠶᠢᠰᠦ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠲᠦᠯᠦᠪᠵᠢᠭᠦᠯᠭᠡ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠦ᠂ ᠭᠠᠵᠠᠷ | ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠦᠯᠦᠪᠵᠢᠭᠦᠯᠬᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠦᠨ᠎ᠡ᠃ | ᠭᠠᠵᠠᠷ ᠰᠢᠨᠵᠢᠯᠡᠭᠡᠨ ᠤ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠳᠤᠨᠢ ᠪᠠᠶᠢᠴᠠᠭᠠᠬᠤ᠂ ᠨᠠᠷᠢᠯᠢᠭ ᠪᠠᠶᠢᠴᠠᠭᠠᠬᠤ᠂ ᠰᠢᠰᠲ᠋ᠧᠮ ᠲᠠᠢ | ᠪᠠᠶᠢᠴᠠᠭᠠᠬᠤ ᠶᠢ ᠵᠤᠬᠢᠴᠠᠭᠤᠯᠤᠨ ᠬᠢᠨᠠᠯᠲᠠ ᠲᠠᠯᠪᠢᠨ᠎ᠡ᠃ ᠬᠠᠮᠲᠤ ᠪᠠᠷ ᠢᠶᠠᠨ ᠬᠡᠮᠵᠢᠨ ᠬᠠᠮᠲᠤ ᠪᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ | ᠮᠡᠳᠡᠭᠦᠯᠦᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠦᠷᠨᠢᠭᠦᠯᠬᠦ ᠶᠢ ᠵᠢᠯᠤᠭᠤᠳᠴᠦ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠢᠨᠵᠧᠨᠧᠷᠢᠩ ᠢ | ᠴᠡᠭᠴᠡᠯᠡᠨ ᠵᠠᠰᠠᠬᠤ ᠠᠵᠢᠯ ᠦᠷᠨᠢᠭᠦᠯᠬᠦ ᠵᠢᠯᠤᠭᠤᠳᠤᠨ᠎ᠠ᠃ ᠭᠠᠵᠠᠷ ᠰᠢᠨᠵᠢᠯᠡᠭᠡᠨ ᠤ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠡᠭᠦᠷᠭᠡᠯᠡᠨ᠎ᠡ | ᠃ ᠭᠠᠵᠠᠷ ᠲᠤᠤᠷᠡᠬᠢ ᠤᠰᠤ ᠶᠢ ᠬᠡᠳᠦᠷᠡᠳᠡᠯ᠎ᠡ ᠨᠡᠭᠡᠭᠡᠨ ᠮᠠᠯᠳᠠᠬᠤ ᠵᠢᠴᠢ ᠡᠭᠦᠨ ᠠᠴᠠ ᠪᠤᠯᠤᠭᠰᠠᠨ ᠲᠤᠷᠤᠭᠰᠢ ᠰᠠᠭᠤᠬᠤ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ | ᠬᠢᠨᠠᠨ ᠬᠠᠮᠢᠶᠠᠷᠤᠨ᠎ᠠ᠃ | ᠠᠷᠪᠠ᠂ ᠠᠭᠤᠷᠬᠠᠢ ᠶᠢᠨ ᠡᠬᠢ ᠪᠠᠶᠠᠯᠢᠭ ᠤᠨ ᠬᠠᠮᠢᠶᠡᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠬᠤ ᠠᠵᠢᠯ ᠲᠦᠷᠦᠯ ᠪᠠ ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠠᠵᠢᠯ ᠢ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠬᠤ ᠲᠦᠷᠦᠯ ᠵᠦᠢᠯ ᠢ ᠬᠠᠮᠢᠶᠠᠷᠴᠦ᠂ ᠪᠦᠬᠦ ᠬᠤᠰᠢᠭᠤᠨ ᠤ ᠴᠢᠬᠤᠯᠠ ᠶᠡᠭᠡ ᠭᠠᠵᠠᠷ ᠰᠢᠨᠵᠢᠯᠡᠭᠡᠨ ᠤ ᠠᠭᠤᠷᠬᠠᠢ ᠶᠢᠨ ᠬᠠᠶᠢᠨ | ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠲᠡᠨ ᠤ ᠠᠮᠢᠳᠤ ᠪᠤᠳᠠᠰ ᠤᠨ ᠴᠢᠯᠠᠭᠤᠵᠢᠮᠠᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ᠭᠤᠤᠯᠳᠠᠯᠭ᠎ᠠ ᠲᠠᠢ ᠠᠭᠤᠷᠬᠠᠢ ᠶᠢᠨ ᠤᠷᠤᠨ ᠤ ᠠᠭᠤᠷᠬᠠᠢ ᠶᠢᠨ ᠦᠢᠯᠡᠰ ᠤᠨ ᠡᠷᠬᠡ ᠶᠢ ᠲᠤᠬᠢᠷᠠᠭᠤᠯᠬᠤ ᠲᠦᠰᠦᠯ ᠢ ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ | ᠠᠭᠤᠷᠬᠠᠢ ᠶᠢᠨ ᠦᠢᠯᠡᠰ ᠤᠨ ᠡᠷᠬᠡ ᠵᠢᠴᠢ ᠵᠠᠬ᠎ᠠ ᠲᠡᠯᠭᠡᠭᠦᠷ ᠤᠨ ᠪᠦᠳᠦᠭᠡᠨ ᠪᠠᠶᠢᠭᠤᠯᠤᠯᠳᠠ ᠶᠢ ᠬᠠᠮᠢᠶᠠᠷᠴᠦ᠂ ᠠᠭᠤᠷᠬᠠᠢ ᠶᠢᠨ ᠦᠢᠯᠡᠰ ᠤᠨ ᠡᠮᠬᠢ ᠲᠢᠭᠯᠢᠮ ᠤᠨ | ᠠᠵᠢᠯ ᠢ ᠴᠡᠭᠴᠡᠯᠡᠨ ᠲᠦᠷᠢᠮᠵᠢᠭᠦᠯᠵᠦ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠷᠢᠶᠠᠨ ᠤ ᠵᠢᠭᠤᠷᠠᠯᠳᠤᠭᠠᠨ ᠢ ᠵᠤᠬᠢᠴᠠᠭᠤᠯᠤᠨ ᠰᠢᠢᠳᠪᠦᠷᠢᠯᠡᠨ᠎ᠡ᠃ | ᠬᠤᠰᠢᠭᠤᠨ ᠤ ᠲᠤᠰ ᠱᠠᠳᠤᠨ ᠤ ᠡᠷᠬᠡ ᠶᠢᠨ ᠬᠡᠪᠴᠢᠶᠡᠨ ᠳᠤ ᠠᠭᠤᠷᠬᠠᠢ ᠮᠠᠯᠳᠠᠬᠤ ᠡᠷᠬᠡ ᠶᠢ ᠬᠢᠮᠳᠡ ᠦᠨ᠎ᠡ ᠪᠠᠷ ᠬᠤᠳᠠᠯᠳᠤᠬᠤ ᠪᠠ ᠬᠢᠨᠠᠨ ᠵᠦᠪᠰᠢᠶᠡᠷᠡᠬᠦ | ᠲᠠᠩᠰᠠᠯᠠᠬᠤ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠡᠮᠵᠢᠶ᠎ᠡ ᠶᠢ ᠬᠠᠮᠢᠶᠠᠷᠬᠤ ᠪᠠ ᠲᠠᠷᠤᠭᠳᠠᠮᠠᠯ ᠠᠭᠤᠷᠬᠠᠢ ᠶᠢᠨ | ᠡᠬᠢ ᠪᠠᠶᠠᠯᠢᠭ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ | ᠠᠷᠪᠠᠨ ᠨᠢᠭᠡ᠂ ᠭᠠᠵᠠᠷ ᠵᠦᠢ ᠶᠢᠨ ᠰᠤᠷᠠᠭ ᠵᠠᠩᠬᠢ ᠶᠢ ᠬᠡᠮᠵᠢᠨ ᠵᠢᠷᠤᠭᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠦᠨᠳᠦᠰᠦᠨ ᠬᠡᠮᠵᠢᠨ | ᠵᠢᠷᠤᠭᠯᠠᠬᠤ ᠪᠠ ᠬᠡᠮᠵᠢᠨ ᠵᠢᠷᠤᠭᠯᠠᠬᠤ ᠠᠵᠢᠯ ᠲᠦᠷᠦᠯ ᠤᠨ ᠬᠠᠮᠢᠶᠠᠷᠤᠯᠳᠠ ᠶᠢ ᠬᠠᠷᠢᠭᠤᠴᠠᠨ᠎ᠠ᠃ ᠬᠡᠮᠵᠢᠨ ᠵᠢᠷᠤᠭᠯᠠᠬᠤ ᠬᠢᠷᠢ ᠬᠡᠮ ᠪᠤᠯᠤᠨ ᠢᠳᠡᠭᠡᠮᠵᠢ ᠶᠢᠨ | ᠬᠠᠮᠢᠶᠠᠷᠤᠯᠳᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠵᠠᠷ ᠵᠦᠢ ᠶᠢᠨ ᠰᠤᠷᠠᠭ ᠵᠠᠩᠬᠢ ᠶᠢᠨ ᠠᠮᠤᠷ ᠲᠦᠪᠰᠢᠨ ᠪᠠ ᠵᠠᠬ᠎ᠠ ᠲᠡᠯᠭᠡᠭᠦᠷ ᠤᠨ ᠡᠮᠬᠢ ᠲᠢᠭᠯᠢᠮ ᠢ | ᠬᠢᠨᠠᠨ ᠬᠠᠮᠢᠶᠠᠷᠤᠨ᠎ᠠ᠃ ᠭᠠᠵᠠᠷ ᠵᠦᠢ ᠶᠢᠨ ᠰᠤᠷᠠᠭ ᠵᠠᠩᠬᠢ ᠶᠢᠨ ᠤᠯᠠᠨ ᠨᠡᠶᠢᠲᠡ ᠶᠢᠨ ᠦᠢᠯᠡᠴᠢᠯᠡᠬᠡᠨ ᠤ ᠬᠠᠮᠢᠶᠠᠷᠤᠯᠳᠠ ᠶᠢ ᠬᠠᠷᠢᠭᠤᠴᠠᠨ᠎ᠠ᠃ ᠬᠡᠮᠵᠢᠬᠦ ᠪᠡᠯᠭᠡ | ᠲᠡᠮᠳᠡᠭ ᠤᠨ ᠬᠠᠮᠠᠭᠠᠯᠠᠯᠳᠠ ᠶᠢ ᠬᠠᠷᠢᠭᠤᠴᠠᠨ᠎ᠠ᠃ | ᠠᠷᠪᠠᠨ ᠬᠤᠶᠠᠷ᠂ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠠᠵᠢᠯ ᠢ ᠱᠠᠭᠠᠷᠳᠠᠨ ᠵᠢᠯᠤᠭᠤᠳᠬᠤ ᠶᠢ ᠬᠠᠷᠢᠭᠤᠴᠠᠨ᠎ᠠ᠃ ᠤᠯᠤᠰ ᠤᠨ ᠪᠠᠶᠢᠭᠠᠯᠢ ᠶᠢᠨ ᠡᠬᠢ | ᠪᠠᠶᠠᠯᠢᠭ ᠪᠠ ᠤᠯᠤᠰ ᠤᠨ ᠨᠤᠲᠤᠭ ᠲᠠᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ᠂ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠠᠶᠢᠷᠢᠯᠠᠭᠤᠯᠤᠯᠳᠠ ᠵᠢᠴᠢ ᠬᠠᠤᠯᠢ ᠴᠠᠭᠠᠵᠠ ᠬᠠᠤᠯᠢ ᠲᠤᠭᠳᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠢᠨᠠᠨ ᠪᠠᠶᠢᠴᠠᠭᠠᠭᠰᠠᠨ ᠰᠠᠨᠠᠯ ᠢ | ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠨᠤᠲᠤᠭ ᠲᠡᠪᠢᠰᠭᠡᠷ ᠤᠨ ᠤᠷᠤᠨ ᠵᠠᠢ ᠶᠢ ᠲᠦᠯᠦᠪᠵᠢᠭᠦᠯᠬᠦ ᠵᠢᠴᠢ | ᠴᠢᠬᠤᠯᠠ ᠶᠡᠭᠡ ᠬᠡᠷᠡᠭ ᠵᠠᠷᠭᠤ ᠶᠢ ᠰᠢᠢᠳᠪᠦᠷᠢᠯᠡᠬᠦ ᠶᠢ ᠬᠡᠮᠵᠢᠨ ᠵᠢᠷᠤᠬᠤ ᠳᠤ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠵᠢᠯᠤᠭᠤᠳᠤᠨ ᠬᠢᠨᠠᠯᠲᠠ ᠲᠠᠯᠪᠢᠵᠦ᠂ ᠡᠭᠦᠨ ᠤ ᠬᠠᠮᠲᠤ ᠰᠤᠮᠤ ᠪᠠᠯᠭᠠᠰᠤ ᠶᠢᠨ ᠵᠠᠰᠠᠭ ᠤᠨ ᠤᠷᠳᠤᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠨᠤᠲᠤᠭ | ᠲᠠᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠭᠡ ᠵᠠᠷᠭᠡ ᠬᠠᠤᠯᠢ ᠴᠠᠭᠠᠵᠠ ᠬᠠᠤᠯᠢ ᠲᠤᠭᠳᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ | ᠠᠷᠪᠠᠨ ᠭᠤᠷᠪᠠ᠂ ᠠᠵᠢᠯ ᠤᠨ ᠬᠤᠪᠢᠶᠠᠷᠢᠯᠠᠯ ᠢᠶᠠᠷ ᠠᠶᠤᠯᠭᠦᠢ ᠦᠢᠯᠡᠳᠪᠦᠷᠢᠯᠡᠯ ᠤᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ ᠠᠶᠤᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ᠂ ᠤᠯᠤᠰ ᠤᠨ ᠨᠤᠲᠤᠭ ᠲᠠᠪᠢᠰᠭᠡᠷ ᠤᠨ ᠤᠷᠤᠨ ᠵᠠᠢ ᠶᠢᠨ | ᠲᠦᠯᠦᠪᠵᠢᠭᠦᠯᠭᠡ ᠶᠢᠨ ᠲᠤᠮᠳᠠ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠳᠠᠢ ᠲᠦᠯᠦᠪᠯᠡᠨ ᠪᠤᠳᠤᠯᠬᠢᠯᠠᠨ᠎ᠠ᠃ | ᠠᠷᠪᠠᠨ ᠲᠦᠷᠪᠡ᠂ ᠪᠦᠬᠦ ᠬᠤᠰᠢᠭᠤᠨ ᠤ ᠬᠤᠳᠠ ᠶᠢᠨ ᠲᠦᠯᠦᠪᠵᠢᠭᠦᠯᠭᠡ ᠶᠢᠨ ᠤᠷᠤᠨ ᠤ ᠬᠡᠪᠴᠢᠶᠡᠨ ᠳᠠᠬᠢ ᠡᠯ᠎ᠡ ᠲᠦᠷᠦᠯ ᠤᠨ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠤᠨ ᠲᠦᠯᠦᠪᠵᠢᠭᠦᠯᠦᠨ ᠬᠢᠨᠠᠨ ᠵᠦᠪᠰᠢᠶᠡᠷᠡᠬᠦ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠠᠷᠪᠠᠨ ᠲᠠᠪᠤ᠂ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢ ᠨᠢᠭᠡᠳᠦᠯᠳᠠᠢ ᠬᠠᠮᠢᠶᠠᠷᠤᠨ ᠵᠤᠬᠢᠴᠠᠭᠤᠯᠤᠨ᠎ᠠ᠃ | ᠠᠷᠪᠠᠨ ᠵᠢᠷᠭᠤᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |