ᠠᠷᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/8/18
        ᠠᠷᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ           ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ                   ᠵᠠᠰᠠᠭ ᠤᠨ ᠣᠷᠳᠣᠨ ᠤ ᠠᠵᠢᠯ ᠤᠨ ᠢᠯᠡᠳᠬᠡᠯ    2020 ᠣᠨ ᠤ 5 ᠰᠠᠷ᠎ᠠ ᠶᠢᠨ 30 ᠤ ᠡᠳᠦᠷ ᠠᠷᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ       ᠠᠷᠠᠳ‌‍ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ  ᠤᠳᠠᠭᠠᠨ ᠤ ᠬᠤᠷᠠᠯᠳᠤᠭᠠᠨ        ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠶᠢᠨ ᠢ ᠮᠢᠨᠲᠥᠯᠥᠭᠡᠯᠡᠭᠴᠢᠳ ᠡ᠄         ᠣᠳᠣ ᠪᠢ ᠬᠤᠰᠢᠭᠤ ᠠᠷᠠᠳ ᠤᠨ ᠵᠠᠰᠠᠭ  ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ  ᠤᠨ ᠮᠡᠳᠡᠭᠦᠯᠦᠯᠲᠡ ᠬᠢᠶ᠎ᠠ᠂ ᠬᠢᠨᠠᠨ ᠵᠥᠪᠯᠡᠬᠦ  ᠪᠤᠯᠪᠠᠦ ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ   ᠤᠷᠤᠯᠴᠠᠭᠰᠠᠳ ᠮᠠᠨᠢ  ᠰᠠᠨᠠᠯ ᠢᠶᠠᠨ ᠳᠤᠷᠠᠳᠬᠤ  ᠪᠤᠯᠪᠠᠦ᠃ ᠵᠢᠯ ᠤᠨ ᠡᠬᠢ ᠠᠴᠠ ᠨᠠᠰᠢ᠂ ᠭᠡᠨᠡᠳᠲᠡ ᠡᠭᠦᠰᠦᠭᠰᠡᠨ ᠬᠢᠵᠢᠭ ᠤᠨ  ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ  ᠤᠨ ᠣᠷᠳᠣᠨ᠂ ᠬᠥᠯᠥᠨ ᠪᠦᠷ ᠬᠤᠲᠠ ᠶᠢᠨ ᠨᠠᠮ ᠤᠨ ᠬᠤᠷᠢᠶ᠎ᠠ ᠵᠠᠰᠠᠭ  ᠤᠨ ᠣᠷᠳᠣᠨ ᠪᠠ  ᠬᠤᠰᠢᠭᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ  ᠲᠤᠤᠱᠯᠠᠭᠤᠯᠵᠦ᠂   ᠤᠷᠢᠳᠠᠪᠠᠷ ᠮᠡᠳᠡᠨ ᠡᠷᠲᠡ ᠤᠶᠢᠯᠠᠭᠠᠨ᠂  ᠪᠤᠰᠢᠭᠤ ᠬᠥᠳᠡᠯᠦᠯᠴᠡᠵᠦ᠂  ᠪᠦᠬᠦ ᠠᠷᠠᠳ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠳᠠᠶᠢᠨ᠂ ᠶᠡᠷᠦᠩᠬᠡᠶ ᠳᠠᠶᠢᠨ᠂ ᠬᠤᠷᠢᠭᠯᠠᠨ ᠴᠣᠬᠢᠬᠤ  ᠳᠠᠶᠢᠨ ᠤ  ᠢᠯᠠᠯᠲᠠ ᠶᠢ ᠤᠯᠬᠤ ᠲᠣᠭᠤᠷᠢᠨ ᠳᠤ᠂ ᠪᠦᠬᠦ ᠬᠤᠰᠢᠭᠤᠨ ᠤ 32 ᠲᠦᠮᠡᠨ ᠺᠠᠳ᠋ᠷ ᠣᠯᠠᠨ ᠲᠦᠮᠡᠨ ᠢ ᠳᠠᠶᠢᠴᠢᠯᠠᠨ᠂ ᠠᠯᠬᠤᠭ᠎ᠠ ᠨᠢᠭᠡᠲᠡᠢ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠴᠢᠰᠤ ᠮᠢᠬ᠎ᠠ ᠪᠠᠷ ᠢᠶᠠᠨ ᠬᠢᠵᠢᠭ  ᠢ ᠡᠰᠡᠷᠭᠦᠴᠡᠬᠦ   ᠪᠠᠬᠢ ᠬᠠᠲᠠᠭᠤ ᠤᠷᠲᠤ ᠴᠠᠭᠠᠨ ᠬᠡᠷᠡᠮ ᠢ ᠴᠣᠭᠴᠠᠯᠠᠨ᠎ᠠ᠃ ᠡᠮᠴᠢ ᠰᠤᠪᠢᠯᠠᠭᠴᠢ ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠵᠠᠷᠯᠢᠭ ᠢ ᠰᠣᠨᠣᠰᠤᠮᠠᠭᠴᠠ  ᠲᠡᠷᠡ ᠳᠠᠷᠤᠢ ᠬᠥᠳᠡᠯᠵᠦ᠂ ᠴᠢᠩᠭ᠎ᠠ  ᠰᠡᠷᠭᠡᠶᠢᠯᠡᠵᠦ ᠦᠬᠦᠨ ᠰᠠᠬᠢᠪᠠ︔ ᠪᠠᠶᠢᠭᠤᠯᠭ᠎ᠠ ᠶᠢᠨ ᠺᠠᠳ᠋ᠷ ᠴᠠᠰᠤ ᠰᠢᠭᠤᠷᠭᠠᠨ ᠳᠤ ᠰᠠᠭᠠᠳ ᠦᠭᠡᠢ᠂ ᠠᠮᠤᠷ ᠲᠦᠪᠰᠢᠨ ᠢ ᠬᠠᠮᠠᠭᠠᠯᠠᠪᠠ︔ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠺᠠᠳ᠋ᠷ ᠬᠦᠴᠢᠷ ᠪᠡᠷᠬᠡᠰᠢᠶᠡᠯ ᠠᠴᠠ ᠠᠶᠤᠬᠤ ᠦᠭᠡᠢ᠂  ᠰᠡᠷᠭᠡᠶᠢᠯᠡᠯᠲᠡ‌‍ᠶᠢᠨ ᠱᠤᠭᠤᠮ ᠢ ᠪᠠᠲᠤ ᠰᠠᠬᠢᠪᠠ︔ ᠰᠠᠶᠢᠨ ᠳᠤᠷ᠎ᠠ ᠶᠢᠨ ᠡᠩᠨᠡᠭᠡ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠳᠤᠷᠠᠲᠠᠶ᠎ᠠ  ᠵᠤᠷᠢᠭᠤᠯᠵᠠᠢ︔   ᠬᠠᠶᠢᠷᠠᠲᠦ  ᠰᠠᠨᠠᠭᠠᠲᠠᠢ ᠬᠥᠮᠦᠰ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠣᠭᠤᠰ ᠮᠥᠩᠭᠦ ᠡᠳ᠋ ᠪᠣᠳᠠᠰ ᠬᠠᠨᠳᠢᠪᠯᠠᠨ᠎ᠠ᠃ ᠣᠯᠠᠨ ᠲᠦᠮᠡᠨ ᠤ ᠵᠣᠷᠢᠭ ᠢ ᠬᠥᠪᠴᠢᠯᠡᠵᠦ ᠬᠢᠵᠢᠭ  ᠡᠪᠡᠳᠴᠢᠨ ᠢ ᠡᠰᠡᠷᠭᠦᠴᠡᠵᠦ᠂ ᠬᠦᠴᠢᠷ ᠪᠡᠷᠬᠡᠰᠢᠶᠡᠯ ᠢ ᠬᠠᠮᠲᠤ  ᠲᠤᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ   ᠨᠢᠭᠲᠠᠷᠠᠭᠤᠯᠤᠨ  ᠂   ︽ ᠬᠢᠵᠢᠭ ᠡᠪᠡᠳᠴᠢᠨ ᠢᠯᠡᠷᠡᠭᠰᠡᠨ‌ᠦᠭᠡᠢ  ︾  ᠠᠮᠦᠷ ᠲᠣᠭᠲᠠᠭᠤᠨ ᠪᠠᠶᠢᠳᠠᠯ ᠢ ᠪᠡᠶᠡᠯᠡᠭᠦᠯᠪᠡ᠃       ᠪᠢᠳᠡ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠦᠭᠦᠭᠡ ᠲᠠᠯ᠎ᠠ ᠪᠠᠷ ᠬᠥᠭᠵᠢᠯᠲᠡ ᠶᠢ ᠠᠳᠬᠤᠬᠤ  ᠶᠢ  ᠪᠠᠷᠢᠮᠳᠠᠯᠠᠪᠠ᠃ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠲᠦᠯᠬᠢᠨ ᠠᠬᠢᠭᠤᠯᠵᠤ᠂ ᠢᠯᠢ ᠣᠷᠭᠠᠨᠢᠭ ᠴᠠᠭᠠᠨ ᠢᠳᠡᠭᠡᠨ ᠤ ᠠᠵᠢᠯ ᠲᠥᠷᠥᠯ  ‍ᠤᠨ‌ᠨᠢᠭᠡᠳᠦᠭᠡᠷ ᠬᠤᠭᠤᠴᠠᠭᠠᠨ ᠤ ᠠᠵᠢᠯ ᠢ ᠡᠬᠢᠯᠡᠭᠦᠯᠵᠦ᠂ ᠢᠯᠢ ᠣᠷᠭᠠᠨᠢᠭ ᠴᠠᠭᠠᠨ‌ᠢᠳᠡᠭᠡᠨ ᠤ ᠠᠵᠢᠯ‌‍ᠲ᠋ᠥ᠋ᠷᠥᠯ ᠤᠨ ᠬᠤᠶᠠᠳᠤᠭᠠᠷ ᠬᠤᠭᠤᠴᠠᠭᠠᠨ ᠤ  ᠢᠨᠵᠧᠨᠧᠷᠢᠩ ᠪᠤᠯᠦᠨ ᠰᠠᠢ ᠺᠧ ᠰᠢᠩ ᠮᠠᠯᠵᠢᠯ ᠤᠨ ᠲᠠᠯᠠᠪᠠᠢ ᠵᠡᠷᠭᠡ 16 ᠨᠡᠶᠢᠭᠡᠮ ᠤᠨ ᠮᠠᠯᠵᠢᠯ ᠤᠨ ᠲᠠᠯᠠᠪᠠᠢ ᠲᠠᠢ ᠭᠡᠷ᠎ᠡ ᠲᠣᠭᠲᠠᠵᠤ ᠨᠠᠶᠢᠳᠠᠪᠤᠷᠢᠵᠢᠭᠤᠯᠪᠠ᠃      ᠠᠵᠢᠯ ᠦᠢᠯᠡᠳᠪᠦᠷᠢᠯᠡᠯ ᠤᠨ  ᠰᠡᠷᠭᠦᠭᠡᠯᠲᠡ ᠡᠮᠬᠢ ᠵᠢᠷᠤᠮ ᠲᠠᠢ  ᠠᠬᠢᠭᠤᠯᠤᠭᠳᠠᠪᠠ᠃ ᠠᠵᠤ ᠦᠢᠯᠡᠳᠪᠦᠷᠢ ᠶᠢᠨ ᠲᠣᠭᠤᠷᠢᠭ ᠤᠨ 220 ᠺᠢᠯᠣᠸᠠᠲ ᠤᠨ ᠬᠦᠴᠦᠳᠡᠯ ᠬᠤᠪᠢᠰᠬᠠᠬᠤ ᠥᠷᠲᠡᠭᠡ ᠵᠡᠷᠭᠡ ᠴᠢᠬᠤᠯᠠ ᠶᠡᠭᠡ  ᠠᠵᠢᠯ‌‍ᠲ᠋ᠥ᠋ᠷᠥᠯ  ᠪᠣᠯᠤᠨ ᠬᠥᠯᠥᠨ ᠪᠦᠢᠷ ᠤᠨ ᠮᠢᠬᠠᠨ ᠤ ᠦᠢᠯᠡᠰ ᠤᠨ ᠪᠦᠯᠦᠭᠯᠡᠯ᠂ ᠮᠧᠩ ᠰᠢ ᠱᠦᠢᠨᠢ ᠵᠡᠷᠭᠡ 17  ᠭᠤᠤᠯᠳᠠᠯᠭ᠎ᠠ ᠲᠠᠢ ᠠᠵᠤ ᠠᠬᠤᠶᠢᠯᠠᠯ ᠲᠣᠭᠲᠠᠭᠰᠠᠨ ᠬᠤᠭᠤᠴᠠᠭᠠᠨ ᠳᠠᠭᠠᠨ ᠦᠢᠯᠡᠳᠪᠦᠷᠢᠯᠡᠯ ᠢᠶᠠᠨ ᠰᠡᠷᠭᠦᠭᠡᠪᠡ᠃  ᠨᠡᠶᠢᠭᠡᠮ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠵᠤ᠂ ᠵᠧᠵᠢᠶᠠᠩ᠂ ᠵᠢᠶᠠᠩᠰᠦ ᠳᠤ ᠤᠴᠢᠵᠦ ᠬᠥᠯᠥᠰᠥᠨ ᠠᠵᠢᠯ ᠬᠢᠬᠦ ᠲᠠᠷᠢᠶᠠᠴᠢᠨ ᠢ ᠴᠡᠭ ᠠᠴᠠ ᠴᠡᠭ ᠲᠤ ᠰᠢᠭᠤᠳ ᠨᠡᠪᠲᠡᠷᠡᠬᠦ ᠲᠡᠷᠭᠡ ᠨᠡᠪᠲᠡᠷᠡᠭᠦᠯᠪᠡ︔ ᠡᠷᠳᠡᠨᠢ ᠰᠢᠰᠢ ᠶᠢᠨ ᠪᠣᠷᠣᠯᠠᠭᠤᠯᠭ᠎ᠠ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠬᠢᠵᠢᠭ ᠤᠨ ᠬᠠᠷᠠᠭ᠎ᠠ ᠪᠠᠷ ᠬᠤᠷᠢᠶᠠᠯᠲᠠ ᠬᠠᠰᠤᠭᠳᠠᠵᠤ ᠶᠠᠳᠠᠭᠤᠷᠠᠬᠤ ᠦᠵᠡᠭᠳᠡᠯ ᠢ ᠬᠤᠷᠢᠭᠯᠠᠪᠠ︔ ᠣᠯᠠᠨ ᠲᠦᠮᠡᠨ ᠤ ᠢᠳᠡᠰᠢᠨ ᠨᠣᠭᠤᠭ᠎ᠠ ᠂  ᠠᠮᠦ ᠪᠤᠳᠠᠭ᠎ᠠ ᠶᠢ ᠭᠦᠢᠴᠡᠳ ᠪᠠᠲᠤᠯᠠᠪᠠ︔  ᠬᠤᠰᠢᠭᠤᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠠᠷᠪᠠᠨ ᠡᠳᠦᠷ  ᠤᠨ ᠳᠤᠲᠤᠷ᠎ᠠ ᠪᠠᠶᠢᠭᠤᠯᠵᠤ  ᠳᠠᠭᠤᠰᠬᠠᠪᠠ︔ ᠬᠠᠶᠢᠷ᠎ᠠ ᠬᠠᠯᠠᠮᠵᠢ ᠶᠢᠨ ᠡᠳ᠋ ᠪᠣᠳᠠᠰ ᠮᠢᠩᠭᠠᠨ ᠭᠠᠵᠠᠷ ᠬᠦᠷᠴᠦ ᠮᠠᠨᠵᠤᠤᠷ ᠢ ᠲᠤᠰᠠᠯᠠᠨ᠎ᠠ᠃ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠠᠵᠤ ᠠᠬᠤᠶ ᠨᠡᠶᠢᠭᠡᠮ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠠᠶ᠃      ᠣᠳᠣᠬᠠᠨ ᠳᠤ᠂ ᠤᠯᠤᠰ  ᠤᠨ ᠳᠣᠲᠣᠭᠠᠳᠤ ᠭᠠᠳᠠᠭᠠᠳᠤ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠤᠨ ᠡᠮᠦᠨ᠎ᠡ᠂  ᠪᠢᠳᠡ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠰᠡᠷᠭᠡᠶᠢᠯᠡᠨ ᠡᠵᠡᠮᠳᠡᠬᠦ ᠪᠠ ᠬᠥᠭᠵᠢᠯᠲᠡ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃     ᠨᠢᠭᠡ᠂ 2019 ᠤᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶᠠᠨ ᠤ ᠵᠠᠰᠠᠭ  ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ  ᠳᠡᠮᠵᠢᠯᠭᠡ ᠳᠣᠤᠷ᠎ᠠ᠂ ᠬᠤᠰᠢᠭᠤᠨ ᠤ ᠵᠠᠰᠠᠭ  ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ  ᠠᠷᠪᠠᠨ ᠶᠢᠰᠦᠳᠦᠭᠡᠷ ᠶᠡᠭᠡ ᠬᠤᠷᠠᠯ ᠵᠢᠴᠢ  ᠠᠷᠪᠠᠨ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ  ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ  ᠪᠠᠶᠢᠷᠢᠨ ᠳᠤ  ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂  ᠬᠢᠩᠭᠠᠨ ᠳᠠᠪᠠᠭᠠᠨ ᠤ ᠵᠡᠭᠦᠨᠳᠡᠬᠢ  ᠳᠠᠪᠠᠭᠤᠯᠢᠭ ᠬᠤᠰᠢᠭᠤ  ᠶᠢ  ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ  ᠢ ᠪᠠᠲᠤᠯᠠᠬᠤ ᠵᠡᠷᠭᠡ ᠡᠯ᠎ᠡ  ᠵᠦᠢᠯ ᠤᠨ ᠠᠵᠢᠯ ᠢ ᠡᠷᠡᠰ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠡᠷᠡᠭᠦᠯ ᠲᠣᠭᠲᠠᠭᠤᠨ ᠢᠶᠠᠷ  ᠬᠦᠭᠵᠢᠬᠦ ᠶᠢ ᠪᠠᠲᠤᠯᠠᠪᠠ᠃      2019 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ 3.8% ᠪᠠᠷ  ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 33.6% ᠪᠠᠷ  ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶ᠋᠊ 67.7% ᠪᠠᠷ  ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ3% ᠪᠠᠷ  ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠳᠤᠮᠳᠠᠴᠢ ᠶᠢᠨ ᠡᠵᠡᠮᠳᠡᠵᠦ ᠪᠣᠯᠬᠤ  ᠤᠷᠤᠯᠭ᠎ᠠ ᠲᠤᠰ ᠲᠤᠰ 5.8% ᠪᠠ 10.1% ᠪᠠᠷ ᠨᠡᠮᠡᠭᠳᠡᠪᠡ᠃      ︵ ᠨᠢᠭᠡ︶ ᠭᠤᠷᠪᠠᠨ ᠶᠡᠭᠡ ᠪᠡᠷᠬᠡ ᠰᠡᠳᠦᠪ ᠢ  ᠰᠢᠢᠳᠪᠦᠷᠢᠯᠡᠬᠦ‌ᠠᠵᠢᠯ ᠢᠯᠡᠳᠲᠡ ᠦᠷ᠎ᠡ ᠪᠦᠲᠦᠮᠵᠢ ᠤᠯᠪᠠ᠃ ᠨᠢᠭᠡ ᠳᠤ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ  ᠡᠵᠡᠮᠳᠡᠪᠡ᠃ ᠪᠦᠬᠦ ᠵᠢᠯ ᠳᠤ 12.13 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠵᠢᠯ ᠤᠨ ᠬᠠᠷᠠᠯᠲᠠ ᠪᠠᠨ 239.26% ᠪᠠᠷ ᠪᠡᠶᠡᠯᠡᠭᠦᠯᠵᠡᠢ᠃  ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ 4.34 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠪᠠ᠃ ᠦᠪᠡᠷ ᠤᠨ  ᠢᠶᠠᠨ ᠡᠳ᠋ ᠤᠨ ᠬᠦᠴᠦᠨ ᠢᠶᠠᠨ  ᠨᠡᠮᠡᠭᠳᠡᠭᠦᠯᠵᠦ᠂ ᠡᠳ᠋ ᠬᠥᠷᠥᠩᠭᠡ ᠶᠢ ᠴᠢᠯᠥᠭᠡᠲᠡᠶ  ᠰᠢᠢᠳᠪᠦᠷᠢᠯᠡᠨ᠂ ᠠᠪᠴᠠᠭᠠᠨ ᠤ ᠡᠷᠬᠡ ᠶᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠵᠢᠯ ᠳᠤ 4.69 ᠳ᠋ᠦᠩᠰᠢᠭᠤᠷ ᠲᠥᠭᠦᠷᠢᠭ ᠤᠨ ᠮᠥᠩᠭᠦᠨ  ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠣᠭᠲᠠᠭᠤᠨ‌‍ᠪᠠᠶᠢᠳᠠᠯ  ᠢ ᠡᠵᠡᠮᠳᠡᠵᠦ ᠪᠣᠯᠬᠤ ᠪᠣᠯᠪᠠ᠃ ᠬᠤᠶᠠᠷ ᠲᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢ ᠪᠠᠬᠢᠵᠢᠭᠦᠯᠦᠨ  ᠳᠡᠭᠡᠭᠰᠢᠯᠡᠭᠦᠯᠪᠡ᠃ ︽ᠳᠥᠷᠪᠡ ᠶᠢ ᠦᠯᠦ  ᠬᠠᠶᠠᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠶᠠᠳᠠᠭᠤ ᠶᠢ ᠲᠡᠳᠬᠦᠬᠦ ᠠᠷᠭ᠎ᠠ ᠬᠡᠮᠵᠶ᠎ᠡ ᠶᠢ ᠤᠯᠠᠮ ᠨᠢᠭᠡ ᠠᠯᠬᠤᠮ ᠪᠠᠲᠤᠳᠬᠠᠨ᠂ 1.14 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ 44  ᠠᠵᠢᠯ‌‍ᠲ᠋ᠦ᠋ᠷᠦᠯ  ᠢ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠠᠷᠢᠶᠠᠯᠠᠩ ᠮᠠᠯᠵᠢᠯ ᠤᠨ ᠲᠠᠯᠠᠪᠠᠢ ᠶᠢ 2 ᠪᠠᠶᠢᠭᠤᠯᠵᠤ᠂ ᠶᠠᠳᠠᠭᠤ ᠶᠢ ᠲᠡᠳᠬᠦᠬᠦ  ᠲᠠᠷᠢᠶᠠᠯᠠᠩ ᠤᠨ ᠮᠠᠰᠢᠨ ᠤ ᠺᠣᠮᠫᠠᠨᠢ ᠶᠢ 5 ᠪᠠᠶᠢᠭᠤᠯᠪᠠ᠃ ︽ᠲᠣᠪᠶᠤᠭ ᠤᠨ  ᠮᠠᠶ᠋ᠢᠭᠲᠤ︾ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ  ᠮᠦᠩᠭᠦ  2110.8 ᠲᠦᠮᠡᠨ ᠲᠦᠭᠦᠷᠢᠭ ᠲᠠᠷᠬᠠᠭᠠᠵᠤ᠂ 7406 ᠶᠠᠳᠠᠭᠤ ᠡᠷᠦᠬᠡ ᠳᠤ ᠠᠰᠢᠭ ᠬᠦᠷᠲᠡᠭᠡᠪᠡ᠃ ᠪᠥᠬᠦ ᠬᠤᠰᠢᠭᠤᠨ ᠤ 566 ᠡᠷᠦᠬᠡ᠂ 1301 ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ  ᠠᠩᠭᠢᠵᠢᠷᠠᠭᠤᠯᠵᠤ᠂ ᠶᠠᠳᠠᠭᠤᠷᠠᠯ ᠤᠨ ᠨᠣᠷᠮ᠎ᠠ 0.01% ᠪᠣᠯᠲᠠᠯ᠎ᠠ ᠪᠠᠭᠤᠷᠠᠪᠠ᠃ ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ  ᠠᠰᠠᠭᠤᠳᠠᠯ  ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ  ᠠᠰᠠᠭᠤᠳᠠᠯ ᠢ ᠡᠮᠬᠢ ᠵᠢᠷᠤᠮ ᠲᠠᠢ ᠴᠡᠭᠴᠡᠯᠡᠨ ᠰᠠᠶᠢᠵᠢᠷᠠᠭᠤᠯᠪᠠ᠃  ᠨᠡᠭᠦᠷᠡᠰᠦ ᠰᠢᠲᠠᠭᠠᠬᠤ ᠲᠤᠭᠤᠭᠠᠲᠦ ᠵᠤᠤᠬ᠎ᠠ ᠶᠢ ᠵᠠᠳᠠᠯᠤᠨ  ᠦᠭᠡᠷᠡᠴᠢᠯᠡᠵᠦ᠂ ᠲᠣᠰᠣ ᠨᠡᠮᠡᠬᠦ ᠥᠷᠲᠡᠭᠡ ᠶᠢᠨ ᠭᠠᠵᠠᠷ‌‍ᠲ᠋ᠦ ᠪᠤᠯᠠᠭᠰᠠᠨ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ   ᠦᠭᠡᠷᠡᠴᠢᠯᠡᠵᠦ᠂ ᠠᠵᠤ ᠠᠬᠤᠶᠢᠯᠠᠯ ᠤᠨ ᠳᠡᠭᠳᠡᠮᠡᠬᠡᠶ ᠣᠷᠭᠠᠨᠢᠭ ᠪᠣᠳᠠᠰ ᠢ ᠵᠠᠰᠠᠬᠤ ᠪᠡᠯᠡᠳᠬᠡᠮᠵᠢ ᠶᠢ ᠥᠭᠡᠷᠡᠴᠢᠯᠡᠬᠦ  ᠡᠭᠦᠷᠭᠡ ᠶᠢ   ᠪᠡᠶᠡᠯᠡᠭᠦᠯᠦᠭᠰᠡᠨ ᠪᠠᠶᠢᠨ᠎ᠠ᠃      ︵ ᠬᠤᠶᠠᠷ︶ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠨᠢᠭᠡ ᠳᠤ  ᠤᠳᠤᠬᠢᠴᠢᠯᠠᠭᠰᠠᠨ ᠲᠠᠷᠢᠶᠠᠯᠠᠩ  ᠠᠵᠦ ᠠᠬᠤᠢ ᠦᠳᠲᠡᠷ ᠲᠦᠷᠭᠡᠨ ᠬᠥᠭᠵᠢᠪᠡ᠃ ᠬᠡᠪᠴᠢᠶᠡᠵᠢᠭᠦᠯᠬᠦ ᠪᠠᠷ ᠠᠴᠢᠶᠠᠯᠠᠭᠴᠢ ᠪᠣᠯᠭᠠᠵᠤ᠂ 80 ᠡᠷᠦᠬᠡ ᠵᠢᠨ‌‍ᠲ᠋ᠦ᠋ᠮᠡᠨ ᠮᠦ ᠠᠴᠠ ᠳᠡᠭᠡᠭᠰᠢᠬᠢ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ 151 ᠲᠦᠮᠡᠨ ᠮᠦ  ᠶᠢᠨ ᠭᠠᠵᠠᠷ ᠰᠢᠷᠣᠢ ᠶᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ᠂ ᠪᠦᠬᠦ ᠬᠤᠰᠢᠭᠤᠨ ᠤ 275 ᠲᠦᠮᠡᠨ ᠮᠦ ᠶᠢᠨ ᠭᠠᠵᠠᠷ  ᠰᠢᠷᠤᠢ  ᠶᠢ ᠳᠦᠷᠢᠮᠵᠢᠭᠦᠯᠦᠨ ᠡᠷᠭᠢᠯᠲᠡ ᠳᠤ  ᠤᠷᠤᠭᠤᠯᠵᠦ᠂ ᠪᠦᠬᠦ ᠣᠷᠣᠨ ᠤ ᠬᠡᠪᠴᠢᠶᠡᠵᠢᠭᠦᠯᠦᠨ ᠡᠷᠭᠢᠯᠳᠦᠭᠦᠯᠬᠦ ᠲᠠᠯᠠᠪᠠᠶ ᠪᠠᠷ ᠬᠠᠮᠤᠭ ᠤᠨ ᠶᠡᠭᠡ ᠬᠤᠰᠢᠭᠤ ᠰᠢᠶᠠᠨ  ᠪᠤᠯᠵᠠᠢ᠃ ᠪᠥᠬᠦ ᠬᠤᠰᠢᠭᠤᠨ ᠤ ᠠᠮᠤ ᠪᠤᠳᠠᠭᠠᠨ ᠤ ᠭᠠᠷᠤᠯᠲᠠ 32.9 ᠳ᠋ᠦᠩᠰᠢᠭᠤᠷ ᠵᠢᠩ ᠪᠠᠶᠢᠵᠤ᠂ 14 ᠵᠢᠯ ᠳᠠᠷᠠᠭᠠᠯᠠᠨ ᠪᠥᠬᠦ ᠤᠯᠤᠰ ᠤᠨ ᠠᠮᠤ ᠪᠤᠳᠠᠭᠠᠨ ᠤ  ᠦᠢᠯᠡᠳᠪᠦᠷᠢᠯᠡᠯ ᠤᠨ ᠲᠡᠷᠢᠭᠦᠨ ᠤ ᠨᠢᠭᠡᠴᠢ ᠪᠠᠷ ᠦᠨᠡᠯᠡᠭᠳᠡᠪᠡ᠃ ᠮᠠᠯ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠪᠠᠬᠢᠵᠢᠭᠦᠯᠵᠦ᠂ ᠮᠠᠯ ᠠᠵᠤ ᠠᠬᠤᠢ ᠶᠢᠨ  ᠮᠠᠯ ᠤᠨ ᠲᠤᠭ᠎ᠠ ᠲᠣᠯᠣᠭᠠᠢ 91.21 ᠲᠦᠮᠡ ᠳᠤ ᠬᠦᠷᠪᠡ᠃  ᠬᠥᠳᠡᠭᠡ ᠲᠣᠰᠬᠤᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠵᠢᠯ ᠳᠤ ᠭᠠᠵᠠᠷ ᠰᠢᠷᠣᠶ  ᠳᠠᠭᠠᠭᠠᠴᠢᠯᠠᠨ ᠡᠵᠡᠩᠨᠡᠬᠦ ᠡᠷᠬᠡ ᠶᠢᠨ ᠪᠠᠷᠢᠴᠠᠭᠠᠳᠤ ᠵᠢᠭᠡᠯᠡᠯᠭᠡ ᠶᠢ 1.34 ᠳ᠋ᠦᠩᠰᠢᠭᠤᠷ ᠲᠥᠭᠦᠷᠢᠭ ᠲᠠᠯᠪᠢᠪᠠ᠃ ᠭᠠᠴᠠᠭᠠᠨ ᠤ ᠬᠠᠮᠲᠤ ᠶᠢᠨ ᠠᠵᠤ ᠠᠬᠤᠶ ᠡᠷᠡᠭᠦᠯ ᠢᠶᠠᠷ ᠬᠥᠭᠵᠢᠵᠦ᠂ ᠡᠳ᠋ ᠬᠦᠷᠦᠩᠭᠡ ᠶᠢᠨ ᠶᠡᠷᠦᠩᠬᠡᠶ ᠲᠤᠭ᠎ᠠ 6.26 ᠳ᠋ᠦᠩᠰᠢᠭᠤᠷ ᠲᠥᠭᠦᠷᠢᠭ ᠲᠤ ᠬᠦᠷᠴᠡᠶ᠃ ᠪᠣᠬᠢᠷᠲᠤᠯ ᠥᠬᠡᠶ ᠪᠣᠯᠭᠠᠬᠤ ᠪᠠᠷ ᠶᠡᠷᠦᠩᠬᠡᠶᠢᠯᠡᠨ ᠵᠢᠯᠣᠭᠤᠳᠴᠤ᠂  ᠭᠡᠷᠡᠴᠢᠯᠡᠭᠳᠡᠭᠰᠡᠨ ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠢ ᠪᠠᠷᠢᠮᠵᠢᠶᠠᠵᠢᠭᠤᠯᠤᠨ  ᠦᠢᠯᠡᠳᠪᠦᠷᠢᠯᠡᠬᠦ ᠰᠠᠭᠤᠷᠢᠨ ᠭᠠᠵᠠᠷ 230 ᠲᠦᠮᠡᠨ ᠮᠥ  ᠂ ᠴᠢᠨᠠᠷ ᠰᠠᠶᠢᠲᠠᠶ ᠠᠵᠤ  ᠦᠢᠯᠡᠰ ᠤᠨ ᠰᠠᠭᠤᠷᠢᠨ ᠭᠠᠵᠠᠷ 105 ᠲᠦᠮᠡᠨ ᠮᠥ᠂ ᠣᠷᠭᠠᠨᠢᠭ ᠰᠠᠭᠤᠷᠢᠨ ᠭᠠᠵᠠᠷ 26 ᠲᠦᠮᠡᠨ ᠮᠥ ᠪᠠᠶᠢᠨ᠎ᠠ᠃ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠢ ᠪᠠᠶᠢᠴᠠᠭᠠᠨ ᠬᠡᠮᠵᠢᠬᠦ ᠥᠷᠲᠡᠭᠡ  ᠪᠦᠬᠦ ᠤᠯᠤᠰ  ᠤᠨ ᠬᠥᠷᠥᠰᠥ ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠪᠠᠷᠢᠮᠵᠢᠶᠠᠵᠢᠭᠰᠠᠨ  ᠲᠤᠷᠰᠢᠯᠲᠠ ᠶᠢᠨ ᠲᠠᠰᠤᠭ ᠪᠠ ᠥᠪᠡᠷᠲᠡᠭᠡᠨ ᠵᠠᠰᠠᠬᠤ ᠣᠷᠣᠨ ᠤ ᠲᠦᠷᠦᠭᠦᠤ ᠪᠦᠯᠦᠭ ︽ᠬᠤᠤᠰ ᠭᠡᠷᠡᠴᠢᠯᠡᠯ︾ ᠤᠨ ᠪᠠᠶᠢᠴᠠᠭᠠᠨ ᠬᠡᠮᠵᠢᠬᠦ ᠲᠠᠰᠤᠭ‌‍ᠢᠶ᠋ᠠᠷ ᠦᠨᠡᠯᠡᠭᠳᠡᠪᠡ᠃ ᠠᠵᠤ ᠦᠢᠯᠡᠰᠵᠢᠭᠦᠯᠦᠯᠲᠡ ᠪᠠᠷ ᠬᠥᠳᠡᠯᠭᠡᠭᠦᠷ ᠪᠣᠯᠭᠠᠵᠤ᠂ ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ  ᠬᠠᠷᠠᠯᠲᠠ ᠲᠣᠳᠣᠷᠬᠠᠶ᠂ ᠠᠯᠬᠤᠴᠠ ᠪᠠᠲᠤ ᠪᠠᠬᠢ᠂ ᠶᠢᠦ ᠷᠠᠨ ᠮᠠᠯ ᠠᠵᠤ ᠠᠬᠤᠢ ᠶᠢᠨ 1.2 ᠲᠦᠮᠡᠨ ᠰᠠᠭᠠᠯᠢ ᠶᠢᠨ ᠦᠨᠢᠶ᠎ᠡ  ᠲᠡᠵᠢᠭᠡᠬᠦ ᠵᠢᠱᠢᠶ᠎ᠡ  ᠦᠵᠡᠭᠦᠯᠬᠦ  ᠠᠵᠢᠯ‌‍ᠲ᠋ᠥ᠋ᠷᠥᠯ ᠠᠰᠢᠭᠯᠠᠯᠲᠠ  ᠳᠤ ᠤᠷᠤᠵᠦ᠂ ᠬᠤᠶᠠᠳᠤᠭᠠᠷ ᠮᠠᠯᠵᠢᠯ ᠤᠨ ᠲᠠᠯᠠᠪᠠᠢ ᠶᠢᠨ  ᠠᠵᠢᠯ‌‍ᠲ᠋ᠥ᠋ᠷᠥᠯ   ᠨᠢ ᠭᠡᠷ᠎ᠡ ᠲᠣᠭᠲᠠᠨ ᠨᠠᠢᠳᠠᠪᠤᠷᠢᠵᠢᠭᠤᠯᠪᠠ᠃ ᠬᠥᠯᠥᠨ  ᠪᠦᠢᠷ ᠤᠨ ᠮᠢᠬᠠᠨ ᠤ ᠦᠢᠯᠡᠰ ᠤᠨ ᠪᠦᠯᠦᠭᠯᠡᠯ ᠤᠯᠤᠰ  ᠤᠨ ᠲᠡᠰ ᠤᠨ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ 18 ᠪᠣᠯᠵᠣ ᠨᠡᠮᠡᠭᠳᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 61.9% ᠳᠤ  ᠬᠦᠷᠴᠦ᠂ 5.1 ᠲᠦᠮᠡᠨ ᠡᠷᠦᠬᠡ ᠲᠠᠷᠢᠶᠠᠴᠢᠨ ᠡᠷᠦᠬᠡ ᠶᠢ ᠳᠠᠶᠢᠴᠢᠯᠠᠨ᠂ 1.5 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ  ᠨᠡᠮᠡᠭᠳᠡᠭᠦᠯᠪᠡ᠃ ᠰᠢᠨ᠎ᠡ ᠪᠠᠷ ᠭᠡᠷᠡᠴᠢᠯᠡᠭᠳᠡᠭᠰᠡᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 5  ᠪᠠᠶᠢᠵᠦ᠂ ᠶᠡᠷᠦᠩᠬᠡᠶ ᠲᠤᠭ᠎ᠠ ᠨᠢ 110  ᠪᠤᠯᠵᠦ ᠨᠡᠮᠡᠭᠳᠡᠪᠡ᠃ ᠬᠤᠶᠠᠷ ᠲᠤ ᠠᠵᠤ  ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠪᠡ᠃  ᠠᠵᠢᠯ ᠲᠥᠷᠥᠯ  ᠤᠨ ᠪᠦᠲᠦᠭᠡᠨ ᠪᠠᠶᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠴᠢ ᠯᠦ ᠶᠢᠨ ᠠᠮᠢᠳᠤ ᠪᠣᠳᠠᠰ ᠤᠨ ᠡᠮ  ᠦᠢᠯᠡᠳᠬᠦ  ᠠᠵᠢᠯ‌‍ᠲ᠋ᠥ᠋ᠷᠥᠯ  ᠤᠨ ᠨᠢᠭᠡᠳᠦᠭᠡᠷ ᠬᠤᠭᠤᠴᠠᠭᠠᠨ ᠤ ᠭᠤᠤᠯ  ᠴᠤᠭᠴᠠ ᠪᠠᠷᠢᠯᠭ᠎ᠠ ᠳᠠᠭᠤᠰᠴᠤ᠂ 12.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ ᠡᠨᠡ ᠨᠢ ᠠᠷᠤᠨ ᠬᠤᠰᠢᠭᠤᠨ ᠤ  ᠠᠵᠢᠯ‌‍ᠲ᠋ᠥ᠋ᠷᠥᠯ  ᠤᠨ ᠪᠥᠲᠥᠭᠡᠨ ᠪᠠᠶᠢᠭᠤᠯᠤᠯᠲᠠ  ᠶᠢᠨ ᠲᠡᠤᠬᠡᠨ ᠳᠡᠭᠡᠷᠡᠬᠢ ᠬᠡᠪᠴᠢᠶ᠎ᠡ ᠪᠠᠷ  ᠬᠠᠮᠤᠭ ᠶᠡᠭᠡ᠂ ᠬᠤᠷᠳᠤᠴᠠ ᠪᠠᠷ ᠬᠠᠮᠤᠭ ᠲᠦᠷᠭᠡᠨ ᠠᠵᠤ  ᠦᠢᠯᠡᠳᠪᠦᠷᠢ ᠶᠢᠨ  ᠠᠵᠢᠯ‌‍ᠲ᠋ᠥ᠋ᠷᠥᠯ  ᠪᠣᠯᠪᠠ︔ 15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠢᠯᠢ ᠣᠷᠭᠠᠨᠢᠭ ᠴᠠᠭᠠᠨ ᠢᠳᠡᠭᠡᠨ ᠤ  ᠠᠵᠢᠯ ᠲᠥᠷᠦᠯ  ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ  ᠨᠢᠭᠡᠨᠲᠡ ᠭᠡᠷ᠎ᠡ ᠲᠤᠭᠲᠠᠨ ᠨᠠᠶᠢᠳᠠᠪᠤᠷᠢᠵᠢᠭᠤᠯᠵᠦ᠂ ᠡᠮᠦᠨᠡᠬᠢ ᠬᠤᠭᠤᠴᠠᠭᠠᠨ ᠤ ᠠᠵᠢᠯ ᠢ ᠥᠨᠳᠥᠷ ᠪᠦᠲᠦᠮᠵᠢᠲᠡᠢ  ᠠᠬᠢᠭᠤᠯᠪᠠ︔ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ 220 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡᠨ ᠤ ᠰᠢᠷᠣᠶ ᠶᠢᠨ ᠪᠠᠷᠢᠯᠭ᠎ᠠ  ᠶᠢ 50 ᠡᠳᠦᠷ  ᠳᠤᠲᠤᠷ᠎ᠠ ᠳᠠᠭᠤᠰᠬᠠᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢᠨ ᠰᠢᠨ᠎ᠡ ᠲᠡᠮᠳᠡᠭᠯᠡᠯ ᠢ ᠰᠢᠨᠡᠳᠬᠡᠪᠡ︔ ᠷᠦᠩ ᠵᠢᠶᠠ ᠰᠢᠨ᠎ᠡ ᠡᠨᠧᠷᠭᠢ ᠶᠢᠨ 30 ᠰᠠᠶ᠎ᠠ ᠸᠠᠲ ᠠᠮᠢᠳᠤ ᠪᠣᠳᠠᠰ ᠤᠨ  ᠢᠯᠴᠢ ᠶᠢᠨ ᠴᠠᠬᠢᠯᠭᠠᠨ ᠤ  ᠦᠢᠯᠡᠳᠪᠦᠷᠢ ᠶᠢ ᠲᠣᠤᠷ ᠲᠤ ᠨᠡᠶᠢᠯᠡᠭᠦᠯᠦᠨ ᠴᠠᠬᠢᠯᠭᠠᠨ  ᠭᠠᠷᠭᠠᠪᠠ︔ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ PPP᠂ ᠬᠠᠢ ᠡᠯ ᠠᠮᠢ ᠠᠬᠤᠢ ᠶᠢᠨ ᠠᠵᠤ ᠦᠢᠯᠡᠰ ᠤᠨ  ᠬᠦᠷᠢᠶᠡᠯᠡᠩ ᠵᠡᠷᠭᠡ ᠠᠵᠢᠯ ᠲᠥᠷᠥᠯ  ᠪᠦᠲᠦᠭᠡᠨ ᠪᠠᠶᠢᠭᠤᠯᠤᠯᠲᠠ ᠶᠢᠨ ᠠᠵᠢᠯ  ᠢᠶᠠᠨ ᠡᠬᠢᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠭᠠᠵᠠᠷ ᠤᠨ ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂  ᠠᠵᠢᠯ ᠲᠥᠷᠥᠯ  ᠤᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠠᠩᠭᠢ  ᠡᠯᠭᠦᠮᠡᠯ ᠵᠢᠷᠤᠭ  ᠢ ᠰᠢᠨᠵᠢᠨ ᠪᠠᠶᠢᠯᠳᠤᠬᠤ  ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ ᠠᠷᠤᠨ  ᠳᠤᠯᠠᠭᠠᠨ︾ ᠢᠶᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠵᠦ᠂ ︽ ᠠᠷᠤᠨ ᠬᠤᠷᠳᠤᠴᠠ︾ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂  ᠠᠵᠢᠯ ᠲᠥᠷᠥᠯ  ᠤᠨ ᠲᠤᠰᠬᠠᠶ ᠠᠩᠭᠢ ᠪᠠᠷ ᠳᠠᠮᠵᠢᠭᠤᠯᠤᠨ ︽ᠠᠷᠤᠨ ᠳᠤᠯᠠᠭᠠᠨ ᠤ ᠬᠡᠮᠵᠢᠶ᠎ᠡ︾ ᠪᠠ ︽ᠠᠷᠤᠨ ᠬᠤᠷᠳᠤᠴᠠ︾ ᠶᠢ  ᠠᠵᠢᠯ ᠲᠥᠷᠥᠯ ‍ᠯ ᠤᠨ ᠪᠥᠲᠥᠭᠡᠨ ᠪᠠᠶᠢᠭᠤᠯᠤᠯᠲᠠ ᠳᠤ ᠢᠮᠠᠭᠲᠠ  ᠲᠤᠤᠱᠯᠠᠭᠤᠯᠵᠦ᠂ ᠪᠥᠬᠦ ᠬᠤᠲᠠ ᠶᠢᠨ ᠵᠠᠰᠠᠭ ᠤᠨ ᠶᠠᠪᠤᠳᠠᠯ ‍ᠤᠨ‌ᠦᠢᠯᠡᠴᠢᠯᠡᠭᠡ ᠶᠢ ᠬᠢᠨᠠᠨ ᠵᠥᠪᠰᠢᠶᠡᠷᠡᠬᠦ ᠠᠵᠢᠯ ᠤᠨ ᠲᠤᠬᠠᠶ ᠶᠢᠨ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠪᠡ᠃  ᠭᠤᠷᠪᠠ ᠳᠤ ᠠᠷᠠᠯᠵᠢᠶ᠎ᠠ ᠬᠤᠳᠠᠯᠳᠤᠭᠠᠨ ᠤ ᠵᠢᠭᠤᠯᠴᠢᠯᠠᠯ ᠲᠣᠭᠲᠠᠭᠤᠨ  ᠤ ᠳᠤᠮᠳᠠ ᠤᠷᠤᠭᠰᠢᠯᠠᠯᠲᠠ ᠲᠠᠢ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭ᠎ᠠ  ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠠᠵᠢᠯ ᠤᠷᠤᠭᠰᠢᠲᠠᠶ ᠠᠭᠢᠪᠠ᠃  ᠮᠧᠩ ᠲᠢᠶᠠᠨ ᠶᠤᠸᠠᠨ  ᠵᠢᠢ ᠡᠯ ᠤᠮᠳᠠᠭᠠᠨ ᠬᠢᠭᠡᠳ ᠥᠪᠥᠷ ᠮᠣᠩᠭᠤᠯ ᠤᠨ ᠬᠤᠩ ᠢ ᠭᠧ ᠠᠷᠠᠯᠵᠢᠶ᠎ᠠ ᠬᠤᠳᠠᠯᠳᠤᠭᠠᠨ ᠤ  ᠺᠤᠮᠫᠠᠨᠢ 6000 ᠲᠦᠮᠡᠨ ᠲᠥᠭᠦᠷᠢᠭ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢ ᠰᠡᠷᠭᠦᠭᠡᠨ ᠪᠠᠶᠢᠭᠤᠯᠵᠤ᠂ ᠲᠦᠷᠭᠡᠨ  ᠭᠦᠷᠭᠡᠯᠲᠡ ᠶᠢᠨ  ᠦᠢᠯᠡᠰ ᠡᠷᠡᠭᠦᠯ ᠢᠶᠠᠷ ᠬᠥᠭᠵᠢᠪᠡ᠃  ᠰᠡᠯᠡᠭᠦᠴᠡᠨ ᠵᠤᠭᠠᠴᠠᠯ ᠤᠨ ᠦᠢᠯᠡᠰ ᠲᠣᠭᠲᠠᠭᠤᠨ ᠢᠶᠠᠷ ᠦᠰᠦᠨ ᠪᠤᠶᠢᠵᠢᠵᠤ᠂ ᠵᠠᠶᠠᠭᠠᠲᠠᠢ ᠰᠡᠯᠡᠭᠦᠴᠡᠯ ᠤᠨ  ᠲᠠᠷᠢᠶᠠᠯᠠᠩ ᠤᠨ  ᠮᠠᠶ᠋ᠢᠭ ᠤᠨ ᠬᠦᠷᠢᠶᠡᠯᠡᠩ  ᠬᠤᠶᠠᠳᠤᠭᠠᠷ ᠬᠤᠭᠤᠴᠠᠭᠠᠨ ᠤ ᠠᠵᠢᠯ ᠲᠥᠷᠦᠯ  ᠢᠶᠠᠨ ᠪᠠᠶᠢᠭᠤᠯᠤᠨ  ᠡᠵᠡᠩᠨᠡᠪᠡ᠃ ︽ᠠᠷᠤᠨ ᠬᠤᠰᠢᠭᠤᠨ ᠤ ᠵᠤᠭᠠᠴᠠᠯ ᠤᠨ ᠬᠥᠭᠵᠢᠯᠲᠡ ᠶᠢᠨ  ᠪᠠᠶᠢᠯᠳᠤᠬᠤ ᠪᠣᠳᠣᠯᠭ᠎ᠠ ᠶᠢᠨ  ᠲᠦᠯᠦᠪᠵᠢᠭᠦᠯᠭᠡ︾᠂ ︽ᠬᠦᠷᠢᠶ᠎ᠡ  ᠴᠠᠷᠠᠭ᠎ᠠ ᠶᠢᠨ ᠦᠵᠡᠮᠵᠢ ᠶᠢᠨ ᠣᠷᠣᠨ ᠤ ᠵᠤᠭᠠᠴᠠᠯ ᠤᠨ ᠲᠦᠯᠦᠪᠵᠢᠭᠦᠯᠭᠡ︾ ᠶᠢ ᠨᠠᠢᠷᠠᠭᠤᠯᠤᠨ ᠵᠣᠬᠢᠶᠠᠵᠤ  ᠳᠠᠭᠤᠰᠬᠠᠪᠠ᠃ ︽ᠵᠢᠵᠢᠭ ᠲᠠᠷᠠᠬᠠᠶ ᠪᠤᠲᠠᠷᠬᠠᠶ︾ ᠦᠵᠡᠮᠵᠢ ᠶᠢᠨ ᠭᠠᠵᠠᠷ ᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯ ᠢ ᠦᠷᠭᠦᠯᠵᠢᠯᠡᠨ  ᠦᠷᠨᠢᠭᠦᠯᠵᠠᠢ᠃ ᠪᠥᠬᠦ ᠵᠢᠯ ᠤᠨ ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ 80.6 ᠲᠦᠮᠡᠨ ᠬᠥᠮᠦᠨ ᠤᠳᠠᠭ᠎ᠠ ᠳᠤ  ᠬᠦᠷᠴᠦ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 9955 ᠲᠦᠮᠡᠨ ᠲᠥᠭᠦᠷᠢᠭ ᠲᠤ ᠬᠦᠷᠴᠡᠶ᠃       ︵ ᠭᠤᠷᠪᠠ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ  ᠬᠦᠭᠵᠢᠭᠦᠯᠪᠡ᠃ ᠨᠢᠭᠡ ᠳᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ 10.02 ᠳ᠋ᠦᠩᠰᠢᠭᠤᠷ ᠲᠥᠭᠦᠷᠢᠭ ᠤᠨ ᠪᠡᠯᠡ  ᠤᠷᠤᠭᠤᠯᠤᠯᠲᠠ  ᠶᠢ  22 ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠦᠭᠵᠢᠬᠦᠯᠬᠦ  ᠠᠵᠢᠯ ᠲᠥᠷᠦᠯ‌‍ᠢᠯ ᠳᠤ ᠬᠡᠷᠡᠭᠵᠢᠭᠦᠯᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠢ 93.11 ᠲᠦᠮᠡᠨ ᠲᠡᠭᠰᠢ  ᠳᠦᠷᠪᠡᠯᠵᠢᠨ  ᠮᠧᠲᠷ ᠬᠦᠷᠴᠡᠢ᠃ ᠳ᠋ᠢᠩ ᠷᠦᠨ ᠭᠡᠷ ᠣᠷᠣᠨ᠂   ᡁᠢ ᠬᠦᠢ ᠶᠤᠸᠠᠨ ᠴᠡᠴᠡᠷᠯᠢᠭ ᠤᠨ ᠭᠤᠷᠪᠠᠳᠤᠭᠠᠷ  ᠬᠤᠭᠤᠴᠠᠭᠠᠨ ᠤ ᠢᠨᠵᠧᠨᠧᠷᠢᠩ᠂  ᠱᠦᠢ ᠠᠨ ᠨᠡᠷᠡᠲᠦ ᠰᠠᠭᠤᠴᠠ ᠶᠢᠨ C ᠲᠣᠭᠤᠷᠢᠭ ᠵᠡᠷᠭᠡ 10 ᠭᠡᠷ ᠪᠠᠶᠢᠰᠢᠩ ᠭᠠᠵᠠᠷ ᠬᠥᠷᠥᠩᠭᠡ ᠶᠢᠨ  ᠠᠵᠢᠯ‌‍ᠲ᠋ᠥ᠋ᠷᠥᠯ  ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠬᠤᠶᠠᠷ ᠲᠤ ᠬᠠᠮᠢᠶᠠᠷᠤᠯᠲᠠ ᠶᠢᠨ ᠬᠢᠷᠢ ᠬᠡᠮᠵᠢᠶ᠎ᠡ ᠠᠯᠬᠤᠮ ᠠᠯᠬᠤᠮ ᠢᠶᠠᠷ ᠳᠡᠭᠡᠭᠰᠢᠯᠡᠪᠡ᠃ ᠬᠤᠲᠠ ᠶᠢᠨ ᠲᠣᠭᠤᠷᠢᠭ ᠤᠨ ︽ᠲᠤᠤᠷᠴᠢᠯᠠᠭᠰᠠᠨ︾ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ  ᠲᠦᠰᠦᠪ ᠢ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠬᠢᠨ ᠪᠠᠭ᠎ᠠ ᠲᠣᠭᠤᠷᠢᠭ ᠢ ᠳᠠᠭᠠᠭᠠᠴᠢᠯᠠᠨ ᠬᠤᠯᠪᠣᠭᠠᠯᠠᠨ ᠬᠠᠮᠲᠤ ᠪᠠᠷ ᠪᠠᠶᠢᠭᠤᠯᠬᠤ  ᠲᠤᠷᠰᠢᠯᠲᠠ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠬᠤᠲᠠ ᠶᠢᠨ ᠲᠣᠭᠤᠷᠢᠭ‌‍ᠤᠨ  ᠮᠠᠰᠢᠨ ᠲᠡᠷᠭᠡ ᠵᠣᠭᠰᠣᠭᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ  ᠦᠷᠨᠢᠭᠦᠯᠪᠡ᠃ ᠭᠡᠷ ᠪᠠᠶᠢᠰᠢᠩ ᠤᠨ ᠦᠨᠡᠮᠯᠡᠯ ᠠᠪᠬᠤ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭᠳᠠᠬᠤ ᠲᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ  ᠰᠢᠢᠳᠪᠦᠷᠢᠯᠡᠪᠡ᠃ ᠭᠤᠷᠪᠠ ᠳᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠲᠠᠰᠤᠷᠠᠯᠲᠠ ᠦᠭᠡᠢ ᠰᠠᠶᠢᠵᠢᠷᠠᠪᠠ᠃ 4706  ᠵᠣᠷᠯᠣᠩ ᠢ ᠰᠢᠨ᠎ᠡ ᠪᠠᠷ ᠪᠠᠶᠢᠭᠤᠯᠵᠤ᠂ 3.3 ᠲᠦᠮᠡᠨ ᠬᠤᠭ ᠨᠣᠪᠰᠢ ᠶᠢᠨ ᠰᠠᠭᠤᠯᠠᠭ᠎ᠠ  ᠲᠠᠯᠪᠢᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠢ  ᠰᠢᠳᠪᠦᠷᠢᠯᠡᠵᠠᠢ᠃  ᠳ᠋ᠧᠯᠴᠢᠷ ᠰᠢᠶᠠᠩ ᠪᠣᠯᠤᠨ ᠬᠢᠩᠭᠠᠨ ᠪᠠᠯᠭᠠᠰᠤᠨ ᠤ ᠴᠢᠩ ᠱᠠᠨ ᠪᠦᠦ ᠲᠣᠰᠬᠤᠨ ᠥᠪᠡᠷᠲᠡᠭᠡᠨ ᠵᠠᠰᠠᠬᠤ ᠣᠷᠣᠨ ᠤ  ᠵᠢᠷᠭᠤᠳᠤᠭᠠᠷ ᠬᠤᠭᠤᠴᠠᠭᠠᠨ ᠤ ᠪᠣᠯᠪᠠᠰᠤᠨ ᠪᠠᠯᠭᠠᠰᠤ ᠲᠣᠰᠬᠤᠨ ᠤ ᠢᠷᠠᠭᠤ ᠠᠯᠳᠠᠷ ᠢ ᠬᠦᠷᠲᠡᠪᠡ᠃ ᠰᠢᠨ ᠹᠠ ᠰᠢᠶᠠᠩ ᠤᠨ ᠳ᠋ᠦᠩ ᠭᠤᠸᠠᠩ ᠲᠣᠰᠬᠤᠨ 2019 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ  ᠬᠤᠷᠢᠶᠠᠯᠲᠠ ᠶᠢᠨ ᠪᠠᠶᠠᠷ ᠤᠨ ᠡᠳᠦᠷ ᠤᠨ ︽ᠮᠢᠩᠭᠠᠨ ᠲᠣᠰᠬᠤᠨ ᠲᠦᠮᠡᠨ ᠴᠠᠶᠢᠵᠠ ᠶᠢᠨ ᠰᠢᠨ᠎ᠡ ᠳᠦᠷᠰᠦ ᠪᠠᠶᠢᠳᠠᠯ ᠦᠵᠡᠭᠦᠯᠬᠦ︾ ᠠᠵᠢᠯᠯᠠᠭ᠎ᠠ ᠶᠢᠨ ᠨᠡᠷᠡᠰ ᠲᠤ ᠣᠷᠣᠪᠠ᠃ ᠲᠦᠷᠪᠡ ᠳᠤ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠠᠷᠤᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠷᠤᠭᠰᠢᠲᠠᠢ ᠪᠠᠷ ᠠᠶᠠᠯᠠᠯ ᠨᠡᠪᠲᠡᠷᠡᠪᠡ᠃   ᠠᠷᠤᠨ ᠬᠤᠰᠢᠭᠤ ᠪᠤᠯᠦᠨ ᠵᠠᠯᠠᠨ ᠠᠶᠢᠯ ᠬᠤᠲᠠ ᠶᠢᠨ ᠬᠤᠭᠤᠷᠤᠨᠲᠦᠬᠢ ᠲᠡᠮᠦᠷ ᠵᠠᠮ ᠤᠨ ᠵᠥᠭᠡᠭᠡᠪᠦᠷᠢ ᠶᠢᠨ ᠬᠡᠮᠵᠢᠶ᠎ᠡ 9.8 ᠲᠦᠮᠡᠨ ᠲᠣᠨ ᠬᠦᠷᠴᠡᠶ᠃   473.4  ᠺᠢᠯᠤᠮᠧᠲᠷ ᠤᠷᠲᠦ  ᠵᠠᠰᠠᠮᠠᠯ ᠵᠠᠮ  ᠳᠤ ᠳᠡᠰ  ᠳᠡᠪᠰᠢᠭᠦᠯᠦᠨ ᠰᠢᠨᠡᠳᠬᠡᠬᠦ ᠢᠨᠵᠧᠨᠧᠷᠢᠩ ᠢ ᠬᠢᠵᠦ᠂ 19 ᠠᠶᠤᠯ ᠲᠠᠢ ᠬᠥᠭᠦᠷᠭᠡ ᠶᠢ ᠥᠭᠡᠷᠡᠴᠢᠯᠡᠨ ᠰᠢᠨᠡᠳᠬᠡᠪᠡ᠃ 2.8 ᠲᠦᠮᠡᠨ ᠡᠯᠧᠺᠲᠷᠣᠨ ᠰᠦᠢᠳᠬᠡᠯ ᠬᠤᠷᠢᠶᠠᠬᠤ ᠮᠠᠰᠢᠨ ᠲᠡᠷᠭᠡᠨ ᠤ ETC  ᠺᠠᠷᠲ  ᠲᠠᠷᠬᠠᠭᠠᠵᠤ  ᠂ ᠬᠠᠷᠠᠯᠲᠠ ᠶᠢᠨ ᠡᠭᠦᠷᠭᠡ ᠪᠠᠨ 115.47% ᠪᠠᠷ ᠪᠡᠶᠡᠯᠡᠭᠦᠯᠪᠡ᠃ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠬᠤᠶᠠᠷ᠂ ᠭᠤᠷᠪᠠᠳᠤᠭᠠᠷ ᠳᠡᠰ ᠤᠨ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠵᠦ᠂ ᠬᠥᠳᠡᠭᠡ ᠲᠣᠰᠬᠤᠨ ᠤ ᠲᠥᠪᠯᠡᠷᠡᠩᠭᠦᠢ ᠮᠠᠶ᠋ᠢᠭ ᠤᠨ ᠤᠰᠤ ᠬᠠᠩᠭᠠᠬᠤ᠂ ᠶᠢᠨᠾᠧ ᠭᠤᠣᠯ ᠬᠢᠭᠡᠳ  ᠭᠧᠨᠢ ᠭᠤᠣᠯ  ᠢ ᠵᠠᠰᠠᠬᠤ ᠢᠨᠵᠧᠨᠧᠷᠢᠩ ᠤᠷᠤᠭᠰᠢᠲᠠᠢ ᠠᠬᠢᠪᠠ᠃      ︵ ᠳᠦᠷᠪᠡ︶ ᠠᠮᠢ ᠠᠬᠤᠶ ᠶᠢᠨ ᠣᠷᠴᠢᠨ ᠨᠥᠬᠦᠴᠡᠯ ᠶᠡᠷᠦᠩᠬᠡᠶ ᠳᠡᠭᠡᠨ ᠰᠠᠶᠢᠵᠢᠷᠠᠪᠠ᠃ ᠨᠢᠭᠡ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠲᠣᠭᠲᠠᠭᠤᠨ ᠢᠶᠠᠷ ᠴᠢᠩᠭᠠᠷᠠᠪᠠ᠃ ︽ᠲᠣᠮᠣ ᠮᠣᠳᠣ ᠶᠢ ᠪᠤᠶᠢᠵᠢᠭᠤᠯᠬᠤ᠂ ᠲᠣᠮᠣ ᠮᠣᠳᠣ ᠶᠢ ᠬᠠᠮᠠᠭᠠᠯᠠᠬᠤ︾ ᠪᠣᠬᠢᠷᠲᠤᠯ ᠥᠬᠡᠶ ᠠᠵᠢᠯᠯᠠᠭ᠎ᠠ ᠶᠢ ᠭᠦᠨᠵᠡᠭᠡᠢ  ᠦᠷᠨᠢᠭᠦᠯᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠨᠣᠭᠤᠭᠠᠷᠠᠭᠤᠯᠤᠯᠲᠠ ᠶᠢᠨ ᠲᠣᠭᠤᠷᠢᠨ ᠳᠤ ᠨᠡᠶᠢᠲᠡ 74 ᠲᠦᠮᠡᠨ ᠰᠠᠭᠤᠷᠢ ᠮᠣᠳᠣ ᠲᠠᠷᠢᠵᠤ᠂ ᠪᠠᠶᠢᠭᠠᠯᠢ ᠶᠢᠨ ᠬᠠᠮᠠᠭᠠᠯᠠᠯᠲᠠ᠂ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂ ᠪᠠᠶᠢᠭᠠᠯᠢ ᠶᠢᠨ ᠪᠤᠰᠤ ᠣᠷᠣᠨ ᠤ ᠲᠠᠸᠠᠷ ᠤᠨ ᠣᠶ ᠰᠢᠭᠤᠶ ᠶᠢᠨ ᠬᠠᠮᠢᠶᠠᠷᠤᠯᠲᠠ ᠬᠠᠮᠠᠭᠠᠯᠠᠯᠲᠠ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠡᠷᠭᠡ ᠢᠨᠵᠧᠨᠧᠷᠢᠩ ᠢ ᠨᠡᠶᠢᠲᠡ 943.86 ᠲᠦᠮᠡᠨ ᠮᠥ ᠪᠡᠶᠡᠯᠡᠭᠦᠯᠪᠡ᠃ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠲᠠᠯᠠᠪᠠᠢ 171 ᠲᠦᠮᠡᠨ ᠮᠦ ᠳᠤ ᠬᠦᠷᠪᠡ᠃ ᠬᠤᠶᠠᠷ ᠲᠤ ᠠᠮᠢ ᠠᠬᠤᠶ ᠶᠢᠨ ᠬᠠᠮᠠᠭᠠᠯᠠᠯᠲᠠ ᠶᠢᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠠᠮᠢ ᠠᠬᠤᠢ ᠶᠢᠨ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠠᠮᠢ ᠠᠬᠤᠢ ᠶᠢᠨ ᠬᠠᠮᠠᠭᠠᠯᠠᠭᠴᠢ ᠶᠢ 1871 ᠨᠡᠷᠡᠰ ᠰᠣᠩᠭᠤᠨ ᠤᠷᠢᠵᠤ᠂ ᠣᠢ ᠰᠢᠭᠤᠢ ᠶᠢᠨ ᠡᠬᠢ  ᠪᠠᠶᠠᠯᠢᠭ ᠢ ᠪᠦᠬᠦᠨ ᠢ ᠬᠠᠮᠤᠷᠤᠭᠤᠯᠪᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠨᠡᠶᠢᠲᠡ 2322 ᠤᠳᠠᠭ᠎ᠠ ᠴᠠᠭᠳᠠᠨ ᠪᠠᠶᠢᠴᠠᠭᠠᠪᠠ᠃ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠬᠤ ᠠᠵᠢᠯ  ᠤᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ  ᠰᠢᠯᠭᠠᠨ  ᠪᠠᠶᠢᠴᠠᠭᠠᠯᠲᠠ ᠶᠢ ᠤᠷᠤᠭᠰᠢᠲᠠᠶ  ᠦᠩᠭᠡᠷᠡᠭᠡᠪᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠱᠠᠲᠤ ᠦᠶ᠎ᠡ ᠶᠢᠨ  ᠴᠢᠨᠠᠷᠲᠠᠢ ᠦᠷ᠎ᠡ ᠪᠦᠲᠦᠭᠡᠯ  ᠢ ᠤᠯᠪᠠ᠃ ᠭᠤᠷᠪᠠ ᠳᠤ ᠠᠮᠢ ᠠᠬᠤᠶ ᠶᠢ ᠵᠠᠰᠠᠬᠤ ᠡᠷᠴᠢᠮ ᠲᠠᠰᠤᠷᠠᠯᠲᠠ ᠦᠭᠡᠢ ᠴᠢᠩᠭᠠᠷᠠᠪᠠ᠃  ᠢᠳᠡᠭᠳᠡᠭᠦᠯᠦᠭᠰᠡᠨ ᠭᠤᠤ ᠶᠢ ᠶᠡᠷᠦᠩᠬᠡᠶᠢᠯᠡᠨ ᠵᠠᠰᠠᠬᠤ᠂ ᠬᠠᠷᠢᠭᠤᠴᠠᠯᠭ᠎ᠠ ᠦᠭᠡᠢ ᠭᠤᠤᠯ ᠴᠣᠭᠴᠠ ᠪᠦᠬᠦᠢ ᠠᠭᠤᠷᠬᠠᠶ  ᠶᠢᠨ ᠠᠭᠤᠯᠠ ᠪᠠ ᠮᠠᠲ᠋ᠧᠷᠢᠶᠠᠯ ᠠᠪᠬᠤ ᠴᠢᠭ ᠢ ᠰᠡᠷᠭᠦᠭᠡᠨ ᠵᠠᠰᠠᠬᠤ ᠤᠨ ᠡᠭᠦᠷᠭᠡ ᠶᠢ ᠪᠡᠶᠡᠯᠡᠭᠦᠯᠦᠨ᠎ᠡ᠃ ︽ᠨᠣᠭᠤᠭᠠᠨ ᠬᠠᠮᠠᠭᠠᠯᠠᠯᠲᠠ︾ ᠪᠠ ᠤᠢ ᠰᠢᠭᠤᠶ ᠡᠪᠡᠰᠦ ᠪᠡᠯᠴᠢᠭᠡᠷ ᠢ ᠡᠪᠳᠡᠵᠦ  ᠰᠦᠢᠳᠬᠡᠭᠰᠡᠨ ᠠᠵᠢᠯᠯᠠᠭ᠎ᠠ ᠳᠤ ᠴᠤᠬᠢᠯᠲᠡ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠦᠷᠦᠯ ᠤᠨ ᠬᠡᠷᠡᠭ ᠢ 118 ᠬᠤᠪᠢ ᠪᠠᠶᠢᠴᠠᠭᠠᠨ  ᠰᠢᠢᠳᠪᠦᠷᠢᠯᠡᠪᠡ᠃      ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ  ᠪᠡᠯᠡ‌ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠵᠠᠷᠤᠯᠭ᠎ᠠ 33.7 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ  ᠲᠦᠰᠦᠪ ᠤᠨ ᠵᠠᠷᠤᠯᠭ᠎ᠠ ᠶᠢᠨ 83.14% ᠶᠢ ᠡᠵᠡᠯᠡᠪᠡ ᠃ ᠨᠢᠭᠡ ᠳᠤ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠪᠦᠬᠦ ᠬᠤᠰᠢᠭᠤᠨ ᠤ ᠬᠤᠲᠠ  ᠪᠠᠯᠭᠠᠰᠦ ᠶᠢᠨ 1178 ᠬᠥᠮᠦᠨ ᠠᠮᠠ ᠳᠤ ᠰᠢᠨ᠎ᠡ ᠪᠠᠷ ᠠᠵᠢᠯ ᠣᠯᠭᠤᠵᠤ᠂ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠬᠥᠮᠦᠨ 19741 ᠪᠠᠶᠢᠵᠤ᠂ ᠬᠤᠲᠠ ᠪᠠᠯᠭᠠᠰᠤᠨ ᠤ  ᠳᠠᠩᠰᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.81% ᠪᠣᠯᠪᠠ᠃ ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠡᠳᠦᠷ ᠢᠷᠡᠬᠦᠶ᠎ᠡ ᠲᠡᠭᠦᠯᠳᠡᠷᠵᠢᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 25.25 ᠲᠦᠮᠡ ᠳᠤ ᠬᠦᠷᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠶᠢ 1.59 ᠳ᠋ᠦᠩᠰᠢᠭᠤᠷ ᠲᠥᠭᠦᠷᠢᠭ ᠲᠠᠷᠬᠠᠭᠠᠵᠤ᠂ 29 ᠲᠦᠮᠡᠨ ᠬᠥᠮᠦᠨ ᠤᠳᠠᠭ᠎ᠠ ᠲᠤᠰᠠᠯᠠᠮᠵᠢ ᠬᠦᠷᠲᠡᠪᠡ᠃ ᠴᠡᠷᠢᠭ ᠤᠨ ᠠᠯᠪᠠᠨ ᠠᠴᠠ ᠪᠠᠭᠤᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠠᠵᠢᠯ ᠢ ᠯᠠᠪᠳᠠᠭᠤᠨ ᠪᠠᠲᠤᠲᠠᠶ  ᠦᠷᠨᠢᠭᠦᠯᠵᠠᠢ᠃ ᠭᠤᠷᠪᠠ ᠳᠤ ᠰᠤᠷᠭᠠᠨ ᠬᠥᠮᠦᠵᠢᠯ ᠤᠨ  ᠦᠢᠯᠡᠰ ᠲᠡᠩᠴᠡᠭᠦᠷᠢᠲᠡᠶ ᠬᠥᠭᠵᠢᠪᠡ᠃ 7524.39 ᠲᠦᠮᠡᠨ ᠲᠥᠭᠦᠷᠢᠭ ᠤᠨ ᠪᠡᠯᠡ ᠣᠷᠣᠭᠤᠯᠵᠤ᠂ 19 ᠰᠠᠭᠤᠷᠢ ᠢᠨᠵᠧᠨᠧᠷᠢᠩ ᠢ ᠬᠡᠷᠡᠭᠵᠢᠭᠦᠯᠪᠡ᠃ ᠲᠤᠰᠬᠠᠶ ᠪᠠᠭᠰᠢ 202 ᠬᠥᠮᠦᠨ ᠨᠥᠬᠦᠪᠥᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠬᠤ ᠳᠤ ᠬᠦᠴᠢᠷᠲᠡᠶ ᠪᠠ ᠰᠣᠷᠣᠭᠴᠢ ᠣᠯᠠᠨᠲᠠᠶ ᠠᠩᠭᠢ ᠵᠡᠷᠭᠡ ᠠᠰᠠᠭᠤᠳᠠᠯ ᠪᠦᠲᠦᠮᠵᠢᠲᠡᠶ ᠨᠠᠮᠳᠠᠪᠠ᠃ ᠡᠯ᠎ᠡ ᠱᠠᠲᠤᠨ ᠤ ᠰᠤᠷᠤᠭᠴᠢᠳ ᠤᠨ ᠪᠡᠯᠡ ᠮᠥᠩᠭᠦ 1164.91 ᠲᠦᠮᠡᠨ ᠲᠥᠭᠦᠷᠢᠭ ᠲᠠᠷᠬᠠᠭᠠᠵᠤ᠂ 1.2 ᠲᠦᠮᠡᠨ ᠬᠥᠮᠦᠨ ᠤᠳᠠᠭ᠎ᠠ ᠶᠠᠳᠠᠭᠤ ᠬᠦᠴᠢᠷᠳᠡᠯᠲᠡᠢ ᠰᠤᠷᠤᠭᠴᠢ ᠶᠢ ᠲᠤᠰᠠᠯᠠᠪᠠ᠃ ᠳᠥᠷᠪᠡ ᠳᠤ᠂  ᠡᠷᠡᠭᠦᠯ ᠬᠠᠮᠠᠭᠠᠯᠠᠯ ᠤᠨ  ᠦᠢᠯᠡᠰ ᠪᠥᠬᠦ ᠲᠠᠯ᠎ᠠ ᠪᠠᠷ ᠳᠠᠪᠰᠢᠪᠠ᠃ 2248 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠡᠮ ᠡᠮᠨᠡᠯᠭᠡ  ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠭᠦᠯᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠣᠨᠣᠰᠢᠯᠠᠨ ᠡᠮᠨᠡᠬᠦ ᠬᠢᠷᠢ ᠲᠦᠪᠰᠢᠨ ᠪᠥᠬᠦ ᠲᠠᠯ᠎ᠠ  ᠪᠠᠷ ᠳᠡᠭᠡᠭᠰᠢᠯᠡᠪᠡ᠃ ᠪᠦᠬᠦ ᠤᠯᠤᠰ ᠠᠴᠠ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠠᠵᠢᠯ ᠡᠯᠪᠡᠭ ᠪᠠᠶᠠᠯᠢᠭ ᠦᠷ᠎ᠡ ᠪᠦᠲᠦᠮᠵᠢ ᠣᠯᠵᠤ᠂ ᠤᠯᠤᠰ ᠠᠴᠠ ᠡᠷᠡᠭᠦᠯ ᠬᠠᠮᠠᠭᠠᠯᠠᠯ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠡᠵᠦ᠂  ᠴᠠᠪᠠᠴᠢ ᠰᠢᠶᠠᠩ᠂  ᠶᠢᠨᠾᠧ ᠰᠢᠶᠠᠩ ᠤᠯᠤᠰ  ᠤᠨ ᠡᠷᠡᠭᠦᠯ ᠬᠠᠮᠠᠭᠠᠯᠠᠯ ᠰᠢᠶᠠᠩ ᠪᠠᠯᠭᠠᠰᠤ ᠶᠢ ᠵᠥᠪᠰᠢᠶᠡᠷᠡᠭᠦᠯᠪᠡ᠃ ᠪᠦᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠤᠯᠠᠮ ᠨᠢᠭᠡ ᠠᠯᠬᠤᠮ ᠴᠢᠩᠭᠠᠷᠠᠪᠠ᠃ ᠲᠠᠪᠤ ᠳᠤ ᠰᠣᠶᠣᠯ ᠪᠡᠶ᠎ᠡ  ᠲᠠᠮᠢᠷ ‍ᠤᠨ‌ᠦᠢᠯᠡᠰ ᠴᠡᠴᠡᠭᠯᠡᠨ ᠬᠥᠭᠵᠢᠪᠡ᠃ ᠤᠯᠠᠭᠠᠨᠮᠥ᠋ᠴᠢᠷ 21 ᠰᠢᠯᠢᠳᠡᠭ ᠪᠦᠲᠦᠭᠡᠯ  ᠡᠭᠦᠲᠤᠨ ᠵᠤᠬᠢᠶᠠᠵᠦ᠂ ᠬᠥᠳᠡᠭᠡ ᠪᠠᠭᠤᠵᠤ 104  ᠤᠳᠠᠭ᠎ᠠ ᠲᠣᠭᠯᠠᠯᠲᠠ  ᠭᠠᠷᠭᠠᠬᠤ ᠪᠠᠷ ᠠᠷᠠᠳ ᠲᠤ ᠠᠰᠢᠭ  ᠬᠦᠷᠲᠡᠭᠡᠪᠡ᠃ ᠸᠠᠩ ᠵᠢᠶᠧ ᠶᠢᠨ ᠳᠤᠷᠠᠰᠬᠠᠯ ᠤᠨ ᠣᠷᠳᠣᠨ ᠪᠣᠯᠤᠨ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ  ᠴᠡᠷᠢᠭ ᠤᠨ ᠳᠤᠷᠠᠰᠬᠠᠯ ᠤᠨ ᠣᠷᠳᠣᠨ ᠢ ᠳᠡᠯᠭᠡᠨ  ᠦᠵᠡᠭᠦᠯᠬᠦ ᠠᠵᠢᠯᠯᠠᠭ᠎ᠠ ᠲᠡᠰ  ᠳᠡᠪᠰᠢᠪᠡ᠃ ᠰᠣᠶᠣᠯ ᠤᠨ ᠥᠪ ᠤᠨ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠵᠤ᠂ ᠡᠸᠡᠩᠬᠢ ᠦᠨᠳᠦᠰᠦᠲᠡᠨ ᠠᠨᠠᠬ᠎ᠠ ᠴᠠᠭᠠᠰᠤᠨ ᠬᠠᠶᠢᠴᠢᠯᠠᠮᠠᠯ ᠵᠡᠷᠭᠡ 3  ᠲᠦᠷᠦᠯ ᠵᠦᠢᠯ ᠢ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ  ᠤᠷᠤᠭᠤᠯᠪᠠ᠃ ᠶᠢᠨ ᠵᠢᠶᠧ ᠬᠤᠤ ᠶᠢᠨ ᠪᠠᠭᠤᠷᠢ ᠶᠢ ᠬᠠᠮᠠᠭᠠᠯᠠᠬᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠵᠢᠷᠭᠤᠭ᠎ᠠ ᠳᠤ ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ᠂ ᠪᠥᠬᠦ ᠤᠯᠤᠰ ᠤᠨ ︽ᠬᠤᠶᠠᠷ ᠬᠤᠷᠠᠯ︾ ᠵᠡᠷᠭᠡ  ᠴᠢᠬᠤᠯᠠ ᠶᠡᠭᠡ ᠵᠠᠩᠭᠢᠯᠠᠭ᠎ᠠ ᠶᠢᠨ ᠴᠡᠭ  ᠲᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ  ᠲᠡᠭᠦᠰ ᠠᠮᠵᠢᠯᠲᠠ ᠲᠠᠢ  ᠪᠡᠶᠡᠯᠡᠭᠳᠡᠪᠡ᠃ ᠠᠶᠤᠯᠭᠦᠶ  ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠂ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ  ᠠᠬᠢᠯᠲᠠ ᠲᠠᠢ ᠪᠣᠯᠵᠤ᠂ ᠨᠠᠰᠤᠲᠠᠨ᠂ ᠦᠨᠳᠦᠰᠦᠲᠡᠨ᠂ ᠨᠢᠭᠡᠳᠦᠮᠡᠯ ᠹᠷᠣᠨᠲ᠂ ᠲᠤᠭ᠎ᠠ ᠪᠦᠷᠢᠳᠬᠡᠯ᠂ ᠬᠢᠨᠠᠨ ᠪᠣᠳᠣᠬᠤ᠂ ᠬᠤᠶᠠᠷ ᠢ ᠬᠦᠷᠢᠶᠡᠯᠡᠬᠦ᠂ ᠴᠠᠭ ᠠᠭᠤᠷ ᠵᠡᠷᠭᠡ ᠠᠵᠢᠯ ᠦᠢᠯᠡᠰ ᠰᠢᠨ᠎ᠡ ᠦᠷ᠎ᠡ ᠪᠦᠲᠦᠭᠡᠯ ᠣᠯᠪᠠ᠃ ᠨᠠᠰᠤᠲᠠᠶᠢᠴᠤᠳ ᠤᠨ ᠪᠡᠶ᠎ᠡ ᠶᠢᠨ ᠲᠠᠮᠢᠷ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠲᠤᠤᠷ᠎ᠠ ᠦᠶ᠎ᠡ ᠶᠢᠨ ᠬᠢᠨ ᠢ ᠬᠠᠮᠠᠭᠠᠯᠠᠬᠤ ᠠᠵᠢᠯ ᠤᠨ ᠵᠥᠪᠯᠡᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂  ᠵᠡᠮᠳᠡᠭᠴᠦᠳ᠂ ᠤᠯᠠᠭᠠᠨ ᠵᠠᠭᠠᠯᠮᠠᠢᠲᠠᠨ ᠵᠡᠷᠭᠡ ᠲᠠᠯ᠎ᠠ ᠪᠠᠷ ᠰᠢᠨ᠎ᠡ ᠬᠢᠷᠢ ᠪᠦᠲᠦᠮᠵᠢ ᠣᠯᠪᠠ᠃ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠡᠶ᠎ᠡ ᠵᠣᠬᠢᠴᠠᠯᠳᠤ ᠬᠥᠭᠵᠢᠯᠲᠡ ᠳᠤ ᠰᠢᠨ᠎ᠡ ᠬᠤᠪᠢ ᠨᠡᠮᠡᠷᠢ  ᠦᠵᠡᠭᠦᠯᠵᠠᠢ᠃       ︵ᠵᠢᠷᠭᠤᠭ᠎ᠠ︶ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠦᠷᠭᠦᠯᠵᠢᠯᠡᠨ‌‍ᠲ᠋ᠡᠭᠡᠭᠰᠢᠯᠡᠪᠡ᠃ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠬᠡᠪ ᠴᠢᠨᠠᠷ ᠢᠶᠠᠨ ᠳᠡᠭᠡᠭᠰᠢᠯᠡᠭᠦᠯᠬᠦ᠂ ᠰᠠᠶᠢᠨ ᠰᠠᠶᠢᠬᠠᠨ‌‍ᠲ᠋ᠦ᠋ᠷᠢ ᠲᠥᠷᠬᠦ ᠶᠢ ᠪᠣᠶ ᠪᠤᠯᠭᠠᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠯᠲᠠ ᠶᠢᠨ ᠴᠢᠳᠠᠪᠤᠷᠢ ᠪᠠ  ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠳᠠᠬᠢᠨ ᠰᠢᠨ᠎ᠡ ᠳᠡᠭᠲᠡᠷ ᠲᠤ ᠭᠠᠷᠭᠠᠪᠠ᠃ ᠨᠢᠭᠡ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠠᠤᠯᠢ ᠶᠣᠰᠣᠭᠠᠷ ᠭᠦᠢᠴᠡᠳᠬᠡᠵᠦ᠂  ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠦᠬᠦ ᠵᠢᠯ ᠳᠤ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠦᠭᠡᠯᠡᠭᠴᠢᠳ ᠤᠨ ᠰᠠᠨᠠᠭᠤᠯᠭ᠎ᠠ 53 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ 22 ᠬᠤᠪᠢ᠂  ᠰᠢᠢᠳᠪᠦᠷᠢᠯᠡᠵᠦ ᠳᠠᠭᠤᠰᠬᠠᠭᠰᠠᠨ ᠬᠠᠨᠤᠮᠵᠢ ᠶᠢᠨ ᠨᠣᠷᠮ᠎ᠠ 100% ᠳᠤ ᠬᠦᠷᠴᠡᠶ᠃ ᠬᠤᠶᠠᠷ ᠲᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ  ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠵᠠᠰᠠᠭ ᠤᠨ  ᠤᠷᠳᠤᠨ ᠤ ᠰᠢᠰᠲ᠋ᠧᠮ ᠳᠤ ᠬᠤᠯᠪᠣᠭᠳᠠᠭᠰᠠᠨ 177 ᠠᠰᠠᠭᠤᠳᠠᠯ ᠢ ᠡᠮᠬᠢᠯᠡᠨ ᠰᠢᠢᠳᠪᠦᠷᠢᠯᠡᠪᠡ︔ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠵᠣᠷᠢᠯᠲᠠ ᠶᠢᠨ ᠤᠬᠠᠮᠰᠠᠷ ᠢᠯᠡᠳᠲᠡ ᠳᠡᠭᠡᠭᠰᠢᠯᠡᠵᠦ᠂ ᠦᠢᠯᠡᠴᠢᠯᠡᠭᠡᠨ ᠤ ᠴᠢᠳᠠᠪᠤᠷᠢ ᠢᠯᠡᠳᠲᠡ ᠴᠢᠩᠭᠠᠷᠠᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠢᠯᠡᠳᠲᠡ ᠳᠡᠭᠡᠭᠰᠢᠯᠡᠵᠡᠢ᠃ ᠭᠤᠷᠪᠠ ᠳᠤ ᠥᠨᠳᠥᠷ ᠪᠦᠲᠦᠮᠵᠢᠲᠡᠶ ᠵᠠᠰᠠᠭ ᠵᠠᠬᠢᠷᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠠᠯᠠᠭ᠎ᠠ  ᠮᠦᠴᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 5675  ᠵᠦᠢᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠨ ᠦᠯᠡᠳᠡᠭᠡᠵᠦ᠂ 261 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠡᠮᠬᠢᠯᠡᠨ ᠦᠯᠡᠳᠡᠭᠡᠪᠡ᠃  ᠪᠢᠴᠢᠭ ᠮᠠᠲ᠋ᠧᠷᠢᠶᠠᠯ ᠢ ᠴᠤᠮᠬᠤᠳᠬᠠᠨ ᠬᠤᠷᠠᠯ ᠢ  ᠪᠠᠭᠠᠰᠬᠠᠬᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠬᠢᠭᠡᠳ ᠬᠤᠷᠠᠯ ᠨᠢᠳᠤᠨᠤᠨ ᠤ ᠬᠢ ᠠᠴᠠ ᠲᠣᠰᠪᠣᠷᠢ 45% ᠪᠠ 40% ᠪᠠᠷ ᠪᠠᠭᠠᠰᠴᠠᠢ᠃ ᠳᠥᠷᠪᠡ ᠳᠤ ᠲᠥᠪ ᠭᠤᠤᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠲᠥᠪ ‍ᠤᠨ‌ᠨᠠᠢᠮᠠᠨ ᠵᠤᠷᠪᠤᠰ ᠲᠣᠭᠲᠠᠭᠠᠯ ᠵᠢᠴᠢ ᠢᠵᠢ ᠪᠦᠷᠢᠳᠦᠭᠰᠡᠨ ᠲᠣᠭᠲᠠᠭᠠᠯ ᠢ ᠴᠥᠬᠦᠷᠡᠰᠢ ᠦᠭᠡᠶ  ᠲᠤᠤᠱᠯᠠᠭᠤᠯᠤᠨ ᠬᠡᠷᠡᠭᠵᠢᠭᠦᠯᠵᠦ᠂ ᠳᠥᠷᠪᠡᠨ ᠰᠤᠷᠲᠠᠯ ᠤᠨ ᠠᠰᠠᠭᠤᠳᠠᠯ ᠳᠠᠬᠢᠨ ᠢᠯᠡᠷᠡᠬᠦ ᠶᠢ ᠡᠷᠡᠰ ᠰᠡᠷᠭᠡᠶᠢᠯᠡᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠲᠣᠭᠤᠷᠢᠨ  ᠢ ᠪᠤᠢ ᠪᠣᠯᠭᠠᠪᠠ᠃         ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠪᠤᠯ ᠠᠷᠤᠨ ᠬᠤᠰᠢᠭᠤᠨ ᠤ ᠲᠡᠤᠬᠡᠨ ᠳᠡᠭᠡᠷᠡᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠠᠶᠢᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ︽ᠰᠤᠷᠤᠯᠴᠠᠬᠤ ᠳᠤᠷᠠᠲᠠᠶ᠂ ᠵᠣᠪᠠᠭᠤᠷᠢ  ᠵᠤᠪᠠᠯᠠᠩ ᠠᠮᠰᠠᠵᠤ᠂ ᠲᠡᠷᠢᠭᠦᠨ ᠳᠤ ᠣᠷᠣᠬᠤ ᠪᠠᠷ ᠲᠡᠮᠡᠴᠡᠬᠦ︾ ᠠᠷᠤᠨ ᠬᠦᠮᠦᠨ ᠤ ᠵᠣᠷᠢᠭ ᠰᠠᠨᠠᠭ᠎ᠠ ᠶᠢ  ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠡᠨᠡ ᠨᠢᠭᠡ ᠵᠢᠯ ᠳᠤ᠂ ᠠᠵᠢᠯ ᠲᠦᠷᠦᠯ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠠᠵᠤ ᠦᠢᠯᠡᠰ ᠤᠨ ᠪᠦᠲᠦᠴᠡ ᠳᠤ ᠭᠦᠨᠵᠡᠭᠡᠢ ᠬᠤᠪᠢᠷᠠᠯᠲᠠ ᠭᠠᠷᠴᠤ᠂ ᠺᠠᠳ᠋ᠷ ᠤᠨ ᠡᠩᠨᠡᠭᠡ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠪᠡ᠃ ᠮᠠᠨ ᠤ ᠬᠤᠰᠢᠭᠤᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠲᠥᠷᠥ ᠲᠦᠪᠰᠢᠨ ᠲᠦᠮᠡᠨ ᠨᠠᠶᠢᠷᠠᠮᠳᠠᠭᠤ᠂ ᠴᠡᠴᠡᠭᠯᠡᠨ ᠬᠥᠭᠵᠢᠭᠰᠡᠨ ᠴᠤ᠋ ᠰᠢᠨ᠎ᠡ ᠪᠠᠶᠢᠳᠠᠯ ᠢ ᠡᠭᠦᠳᠴᠡᠶ᠃ ᠡᠨᠡ ᠨᠢᠭᠡ ᠵᠢᠯ ᠳᠤ᠂ ᠮᠠᠨ ᠤ ᠬᠤᠰᠢᠭᠤ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ  ᠤᠨ ᠲᠡᠩᠴᠡᠭᠦᠷᠢᠲᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ ᠤᠨ ᠵᠢᠱᠢᠶ᠎ᠡ ᠦᠵᠡᠭᠦᠯᠬᠦ ᠬᠤᠰᠢᠭᠤ ᠵᠡᠷᠭᠡ  ᠣᠷᠣᠨ ᠤ ᠲᠠᠰ ᠠᠴᠠ ᠳᠡᠭᠡᠭᠰᠢᠬᠢ 9   ᠲᠦᠷᠦᠯ ᠤᠨ ᠢᠷᠠᠭᠤ ᠠᠯᠳᠠᠷ ᠢ ᠭᠥᠷᠳᠡᠪᠡ᠃       ᠡᠳᠡᠭᠡᠷ ᠠᠮᠵᠢᠯᠲᠠ ᠶᠢ ᠣᠯᠤᠭᠰᠠᠨ‌ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ᠂ ᠬᠤᠲᠠ ᠶᠢᠨ ᠨᠠᠮ ᠤᠨ ᠬᠤᠷᠢᠶ᠎ᠠ  ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ᠂ ᠮᠥᠨᠴᠦ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠤᠰᠢᠭᠤᠨ ᠳᠤ ᠰᠠᠭᠤᠭ᠎ᠠ ᠳᠠᠷᠤᠭ᠎ᠠ ᠪᠠᠶᠢᠯᠳᠤᠭᠴᠢᠳ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ᠂ ᠵᠢᠴᠢ ᠠᠷᠤᠨ ᠬᠤᠰᠢᠭᠤᠨ ᠤ ᠬᠥᠭᠵᠢᠯᠲᠡ ᠳᠤ ᠣᠷᠣᠯᠴᠠᠭᠰᠠᠨ᠂ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ  ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠤᠱᠯᠠᠭᠤᠯᠵᠠᠢ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ  ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ   ᠪᠠᠶᠢᠷᠢᠯᠠᠭᠤᠯᠦᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ  ᠠᠬᠢᠭᠤᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ  ᠪᠠᠷᠢᠮᠳᠠᠯᠠᠵᠦ᠂ ᠠᠮᠢ ᠠᠬᠤᠶ ᠶᠢ ᠲᠡᠷᠢᠭᠦᠨ  ᠪᠠᠶᠢᠷᠢᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ  ᠴᠢᠨᠠᠷ᠊ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠨᠢᠭᠡᠳᠦᠯᠲᠠᠢ ᠲᠥᠯᠥᠪᠯᠡᠨ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠡᠯᠧᠮᠧᠨ᠋ᠲ ᠤᠨ ᠠᠭᠤᠰᠤᠯᠴᠠᠨ ᠬᠥᠭᠵᠢᠬᠦ ᠶᠢ ᠳᠤᠪᠦᠶᠢᠯᠭᠠᠵᠦ᠂ ︽ᠭᠤᠷᠪᠠᠨ ᠲᠣᠭᠤᠷᠢᠭ ᠬᠤᠶᠠᠷ ᠬᠤᠲᠠ ᠨᠢᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ  ᠲᠦᠷᠭᠡᠳᠬᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ  ᠲᠤᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ  ᠨᠠᠶᠢᠳᠠᠪᠤᠷᠢᠵᠢᠭᠤᠯᠵᠤ᠂ ᠴᠢᠨᠡᠭᠡᠯᠢᠭ  ᠨᠠᠶᠢᠭᠡᠮ‌ᠢ ᠪᠦᠬᠦ ᠲᠠᠯ᠎ᠠ ᠪᠠᠷ  ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠮᠵᠢᠯᠲᠠ ᠲᠠᠢ ᠲᠡᠭᠦᠰᠬᠦ ᠶᠢ ᠪᠠᠲᠤᠯᠠᠨ᠎ᠠ᠃       ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠪᠢᠳᠡ ᠬᠢᠵᠢᠭ ᠤᠨ ᠪᠠᠶᠢᠳᠠᠯ ᠠᠴᠠ ᠡᠮᠦᠨ᠎ᠡ ᠵᠢᠱᠢᠯᠲᠡ ᠪᠤᠳᠤᠯᠬᠢᠯᠠᠭᠰᠠᠨ  ᠬᠠᠷᠠᠯᠲᠠ ᠳᠤ ᠵᠣᠬᠢᠰᠲᠠᠶ ᠲᠣᠬᠢᠷᠠᠭᠤᠯᠤᠯᠲᠠ ᠬᠢᠵᠡᠶ᠃ ᠡᠨᠡ ᠵᠢᠯ ᠡᠩ ᠲᠡᠷᠢᠭᠦᠨ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠵᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ︔ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ  ᠤᠷᠤᠯᠭ᠎ᠠ ᠶᠢ ᠲᠣᠰ ᠲᠣᠰ 5% ᠪᠠ    7.5% ᠣᠷᠴᠢᠮ ᠨᠡᠮᠡᠭᠳᠡᠭᠦᠯᠦᠨ᠎ᠡ︔ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ︔ ᠳᠡᠭᠡᠳᠦ ᠱᠠᠲᠤᠨ ᠠᠴᠠ ᠪᠠᠭᠤᠯᠭᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠰᠢᠰᠲ᠋ᠧᠮ ᠤᠨ ᠬᠠᠷᠠᠯᠲᠠ  ᠶᠢᠨ ᠡᠭᠦᠷᠭᠡ  ᠶᠢ ᠪᠡᠶᠡᠯᠡᠭᠦᠯᠦᠨ᠎ᠡ᠃       ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠪᠣᠳᠠᠲᠠᠢ ᠶᠢ ᠡᠷᠬᠢᠮᠯᠡᠨ ᠪᠠᠲᠤᠲᠠᠢ ᠠᠵᠢᠯᠯᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠨᠢᠭᠡ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ  ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠦᠷᠭᠦᠯᠵᠢᠯᠡᠨ ᠪᠤᠢ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠴᠠᠯᠢᠩ ᠢ ᠪᠠᠲᠤᠯᠠᠵᠤ᠂ ᠠᠵᠢᠯᠯᠠᠭᠠᠨ ᠢ ᠪᠠᠲᠤᠯᠠᠵᠤ᠂ ᠭᠠᠶᠢᠯᠢ ᠶᠢᠨ ᠡᠬᠢ ᠰᠤᠷᠪᠤᠯᠵᠢ ᠶᠢ ᠥᠷᠭᠡᠳᠬᠡᠬᠦ᠂ ᠡᠩ ᠤᠨ ᠴᠢᠨᠠᠷᠲᠠᠶ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠠᠭᠠᠰᠬᠠᠬᠤ᠂ ᠡᠬᠢ ᠪᠠᠶᠠᠯᠢᠭ ᠡᠳ᠋ ᠬᠥᠷᠥᠩᠭᠡ ᠶᠢ ᠠᠮᠢᠯᠠᠭᠤᠯᠬᠤ᠂ ᠠᠪᠴᠠᠭᠠᠨ ᠤ ᠡᠷᠬᠡ ᠶᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠯ ᠤᠨ ᠳᠣᠲᠣᠷ᠎ᠠ 3.58 ᠳ᠋ᠦᠩᠰᠢᠭᠤᠷ ᠲᠥᠭᠦᠷᠢᠭ ᠤᠨ ᠥᠷᠢ ᠰᠢᠷᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠶᠢ  ᠪᠠᠲᠤᠯᠠᠨ᠎ᠠ᠃  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢ ᠠᠬᠤᠶ ᠣᠷᠴᠢᠨ ᠲᠣᠭᠤᠷᠢᠨ  ᠢ ᠬᠠᠮᠠᠭᠠᠯᠠᠬᠤ᠂ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ᠵᠡᠷᠭᠡ ᠵᠢᠭᠡᠯᠡᠯᠭᠡ ᠶᠢᠨ ᠲᠡᠮᠳᠡᠭᠲᠦ ᠪᠠ ᠳᠡᠭᠡᠲᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠳᠥᠷᠪᠡ ᠶᠢ ᠦᠯᠦ  ᠬᠠᠶᠠᠬᠤ︾ ᠱᠠᠭᠠᠷᠳᠠᠯᠭ᠎ᠠ  ᠶᠤᠰᠤᠭᠠᠷ᠂ ᠶᠠᠳᠠᠭᠤ ᠠᠴᠠ ᠠᠩᠭᠢᠵᠢᠷᠠᠭᠠᠳᠤᠶ ᠡᠷᠦᠬᠡ᠂ ᠬᠢᠨᠠᠨ ᠬᠡᠮᠵᠢᠬᠦ ᠡᠷᠦᠬᠡ ᠪᠠ  ᠶᠠᠳᠠᠭᠤᠷᠠᠬᠤ ᠠᠶᠦᠯᠲᠠᠢ  ᠡᠷᠦᠬᠡ ᠶᠢ ᠬᠠᠪᠰᠤᠷᠤᠨ ᠲᠡᠳᠬᠦᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠦᠵᠡᠭᠳᠡᠯ ᠭᠠᠷᠬᠤ ᠶᠢ ᠰᠡᠷᠭᠡᠶᠢᠯᠡᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠦᠨᠳᠦᠰᠦᠨ ᠪᠣᠳᠣᠯᠭ᠎ᠠ ᠶᠢ ᠴᠢᠩᠭ᠎ᠠ ᠠᠳᠬᠤᠵᠤ᠂ 1.7 ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠵᠤ᠂ ᠡᠯ᠎ᠡ ᠲᠥᠷᠥᠯ ᠤᠨ ᠠᠵᠤ  ᠦᠢᠯᠡᠰ ᠢᠶᠠᠷ ᠶᠠᠳᠠᠭᠤ ᠶᠢ ᠲᠡᠳᠬᠦᠬᠦ  ᠠᠵᠢᠯ ᠲᠥᠷᠥᠯ  ᠢ ᠬᠡᠷᠡᠭᠵᠢᠭᠦᠯᠦᠨ᠎ᠡ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠮᠥᠩᠭᠦᠨ  ᠭᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠣᠷᠣᠨ ᠰᠠᠭᠤᠴᠠ ᠶᠢᠨ  ᠪᠠᠲᠤᠯᠠᠭ᠎ᠠ᠂ ᠦᠨᠳᠦᠰᠦᠨ ᠵᠦᠢᠯ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠶᠠᠳᠠᠭᠤ ᠶᠢ ᠲᠡᠳᠬᠦᠬᠦ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠶ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠬᠠᠪᠤᠷ ‍ᠦᠨ‌ᠤᠯᠠᠷᠢᠯ ᠤᠨ ᠵᠢᠭᠰᠠᠭᠠᠨ ᠪᠠᠶᠢᠴᠠᠭᠠᠵᠤ  ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠡᠰᠢ ᠰᠦᠷᠡᠯ ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ 10  ᠠᠭᠤᠷᠰᠢᠯᠲᠠ ᠶᠢᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ  ᠵᠤᠤᠬ᠎ᠠ ᠶᠢ ᠵᠠᠳᠠᠯᠤᠨ ᠦᠭᠡᠷᠡᠴᠢᠯᠡᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠭᠰᠠᠨ︾ ᠠᠵᠤ ᠠᠬᠤᠶᠢᠯᠠᠯ᠂ ᠵᠠᠮ ᠪᠠ  ᠪᠠᠷᠢᠯᠭ᠎ᠠ ᠶᠢᠨ ᠲᠣᠭᠤᠰᠣ ᠳᠡᠭᠳᠡᠬᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠵᠡᠷᠭᠡ ᠶᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠰᠢᠶᠠᠩ ᠪᠠᠯᠭᠠᠰᠤ ᠲᠥᠪᠯᠡᠷᠡᠭᠰᠡᠨ ᠮᠠᠶ᠋ᠢᠭ ᠤᠨ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠵᠢᠴᠢ ᠮᠠᠯ ᠵᠢᠭᠦᠷᠲᠡᠨ ᠤ ᠪᠠᠭᠠᠰᠤ ᠰᠢᠭᠡᠰᠦᠨ ᠤ  ᠪᠤᠬᠢᠷᠲᠤᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥᠨ ᠤ ᠶᠠᠰᠤ ᠴᠢᠨᠠᠷ  ᠢ ᠳᠡᠭᠡᠭᠰᠢᠯᠡᠭᠦᠯᠦᠨ᠎ᠡ᠃   (ᠬᠤᠶᠠᠷ )ᠠᠵᠢᠯ‌‍ᠲ᠋ᠥ᠋ᠷᠥᠯ ᠢᠶᠠᠷ ᠳᠠᠶᠢᠴᠢᠯᠠᠬᠤ ᠶᠢ ᠪᠠᠷᠢᠮᠲᠠᠯᠠᠨ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠨᠢᠭᠡ ᠳᠤ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠠᠵᠢᠯ ᠡᠬᠢᠯᠡᠭᠦᠯᠬᠦ ᠶᠢ ᠠᠬᠢᠭᠤᠯᠪᠠ᠃ ᠭᠠᠵᠠᠷ ᠤᠨ ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂  ᠠᠵᠢᠯ‌‍ᠲ᠋ᠥ᠋ᠷᠥᠯ  ᠤᠨ ᠲᠤᠰᠬᠠᠶ ᠠᠩᠭᠢ᠂  ᠡᠯᠭᠦᠮᠡᠯ ᠵᠢᠷᠤᠭ ᠲᠠᠢ ᠪᠠᠶᠢᠯᠳᠤᠭᠠᠨ ᠬᠢᠬᠦ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂  ᠠᠵᠢᠯ ᠲᠥᠷᠥᠯ  ᠤᠨ ᠡᠮᠦᠨᠡᠬᠢ ᠬᠤᠭᠤᠴᠠᠭᠠᠨ ᠤ ᠠᠵᠢᠯ ᠢ ᠬᠦᠴᠦᠲᠡᠶ ᠠᠳᠬᠤᠵᠤ᠂ ᠴᠢᠬᠤᠯᠠ ᠨᠥᠬᠦᠴᠡᠯ ᠢ  ᠭᠦᠢᠴᠡᠳᠬᠡᠬᠦ ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂  ᠠᠵᠢᠯ‌‍ᠲ᠋ᠥ᠋ᠷᠥᠯ  ᠤᠨ ᠡᠷᠲᠡᠬᠡᠨ ᠠᠵᠢᠯ  ᠡᠬᠢᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃ ᠵᠢᠯ ᠤᠨ ᠳᠣᠲᠣᠷ᠎ᠠ 44 ᠬᠤᠲᠠ᠂ ᠬᠤᠰᠢᠭᠤ ᠬᠤᠶᠠᠷ ᠱᠠᠲᠤᠨ ᠤ ᠭᠤᠤᠯᠳᠠᠯᠭ᠎ᠠ ᠲᠠᠢ ᠲᠥᠷᠥᠯ  ᠵᠦᠢᠯ  ᠪᠦᠬᠦᠨ ᠢ ᠬᠤᠭᠤᠴᠠᠭ᠎ᠠ ᠶᠣᠰᠣᠭᠠᠷ ᠠᠵᠢᠯ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠵᠤ᠂ 40 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠡᠯᠧᠮᠧᠨ᠋ᠲ ᠢ ᠰᠢᠯᠢᠳᠡᠭᠵᠢᠭᠦᠯᠦᠨ ᠠᠷᠠᠯᠵᠢᠶᠠᠴᠢᠨ ᠤᠷᠢᠬᠤ ᠶᠢ ᠴᠢᠬᠤᠯᠠᠴᠢᠯᠠᠨ᠎ᠠ᠃ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠳᠣᠯᠣᠭᠠᠨ ᠶᠡᠭᠡ ᠠᠵᠤ ᠦᠢᠯᠡᠰ ᠤᠨ ᠬᠡᠰᠡᠭ ᠲᠠᠢ ᠨᠢᠭᠲᠠ ᠤᠶᠠᠯᠳᠤᠭᠤᠯᠤᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠭᠦᠶ᠋ᠴᠡᠳ ᠬᠡᠷᠡᠭᠯᠡᠵᠦ᠂ ᠠᠮᠢᠳᠤᠯᠢᠭ ᠬᠡᠷᠡᠭᠯᠡᠵᠦ᠂ ᠠᠵᠢᠯ ᠲᠥᠷᠥᠯ ᠤᠨ ᠡᠮᠦᠨᠡᠬᠢ ᠬᠤᠭᠤᠴᠠᠭᠠᠨ ᠤ ᠲᠥᠰᠦᠪᠯᠡᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ︽ᠨᠢᠭᠡ ᠪᠦᠯᠦᠭ ᠢ ᠪᠠᠶᠢᠭᠤᠯᠤᠨ ᠪᠦᠲᠦᠭᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ  ᠨᠦᠬᠡᠴᠡᠯᠡᠬᠦ᠂ ᠨᠢᠭᠡ ᠪᠦᠯᠦᠭ ᠢ ᠲᠥᠯᠥᠪᠯᠡᠬᠦ︾ ᠦᠷᠭᠦᠯᠵᠢᠯᠡᠨ ᠬᠥᠭᠵᠢᠬᠦ ᠪᠠᠶᠢᠷᠢᠰᠢᠯ ᠢ ᠴᠢᠷᠮᠠᠶᠢᠨ ᠪᠦᠷᠢᠯᠳᠦᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠲᠦᠷᠦᠯ  ᠢ ᠲᠥᠯᠥᠪᠵᠢᠭᠦᠯᠦᠨ ᠬᠡᠷᠡᠭᠵᠢᠭᠦᠯᠬᠦ ᠳᠤ ᠰᠠᠭᠤᠷᠢ  ᠲᠠᠯᠪᠢᠵᠦ ᠥᠭᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠵᠦ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠴᠤᠭᠯᠠᠷᠠᠯ ᠤᠨ ᠨᠥᠯᠥᠭᠡᠯᠡᠯ ᠢ ᠪᠤᠢ ᠪᠣᠯᠭᠠᠵᠤ᠂ ᠪᠡᠯᠡ ᠣᠷᠣᠭᠤᠯᠤᠯᠲᠠ ᠶᠢᠨ ᠬᠤᠲᠣᠭᠤᠷ ᠭᠠᠵᠠᠷ ᠢ ᠴᠢᠷᠮᠠᠶᠢᠨ  ᠪᠠᠶᠢᠭᠤᠯᠤᠨ᠎ᠠ᠃ ᠭᠤᠷᠪᠠ ᠳᠤ ᠣᠷᠴᠢᠨ ᠠᠬᠤᠶ ᠶᠢ ᠰᠢᠯᠢᠳᠡᠭᠵᠢᠭᠦᠯᠵᠦ ᠬᠤᠳᠠᠯᠳᠤᠭ᠎ᠠ ᠡᠷᠭᠢᠯᠡᠬᠦ ᠶᠢ ᠴᠢᠩᠭᠠᠳᠬᠠᠨ᠎ᠠ᠃ ᠪᠦᠬᠦ ᠬᠤᠲᠠ ᠶᠢᠨ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ︾  ᠪᠠᠷ ᠲᠣᠬᠢᠶᠠᠯ ᠪᠣᠯᠭᠠᠵᠤ᠂ ︽ᠳᠤᠲᠠᠭᠤ ᠶᠢ ᠪᠠᠭᠲᠠᠭᠠᠵᠤ ᠤᠷᠢᠳᠴᠢᠯᠠᠨ ᠬᠢᠨᠠᠬᠤ᠂ ᠬᠠᠮᠲᠤᠷᠠᠨ ᠬᠢᠨᠠᠨ ᠵᠥᠪᠰᠢᠶᠡᠷᠡᠬᠦ︾ ᠲᠣᠭᠲᠠᠴᠠ ᠶᠢᠨ ᠵᠠᠭᠪᠤᠷ  ᠢ ᠦᠷᠭᠦᠯᠵᠢᠯᠡᠨ ᠳᠡᠯᠭᠡᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ᠨᠢᠭᠡ ᠲᠣᠤᠷ᠂ ᠨᠢᠭᠡ ᠭᠡᠷ᠂ ᠨᠢᠭᠡ ᠤᠳᠠᠭ᠎ᠠ︾ ᠶᠢᠨ ᠥᠭᠡᠷᠡᠴᠢᠯᠡᠯᠲᠡ  ᠶᠢ ᠲᠦᠯᠬᠢᠨ ᠠᠬᠢᠭᠤᠯᠤᠨ᠎ᠠ᠃ ︽ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠳᠠᠪᠴᠠᠩ︾ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠡᠳᠬᠢᠯ ᠠᠮᠤᠷ ᠪᠡᠯᠡ ᠣᠷᠣᠭᠤᠯᠵᠤ᠂ ᠨᠢᠭᠡ ᠰᠡᠳᠬᠢᠯ ᠢᠶᠠᠷ ᠠᠳᠠᠯ  ᠦᠢᠯᠡᠰ ᠪᠣᠰᠬᠠᠬᠤ ᠰᠠᠨᠠᠭ᠎ᠠ ᠠᠮᠤᠷ ᠡᠵᠡᠩᠨᠡᠬᠦ ᠬᠤᠳᠠᠯᠳᠤᠭ᠎ᠠ  ᠬᠢᠬᠦ ᠣᠷᠴᠢᠨ ᠢ ᠪᠣᠶ  ᠪᠤᠯᠭᠠᠵᠦ᠂ ︽ᠠᠷᠤᠨ ᠳᠤᠯᠠᠭᠠᠨ︾ ᠢ ᠲᠠᠰᠤᠷᠠᠯᠲᠠ ᠤᠢᠭᠡᠢ  ᠳᠡᠭᠡᠭᠰᠢᠯᠡᠭᠦᠯᠵᠦ᠂ ︽ᠠᠷᠤᠨ ᠬᠤᠷᠳᠤᠴᠠ︾ ᠶᠢ ᠳᠡᠭᠡᠭᠰᠢᠯᠡᠭᠦᠯᠦᠨ᠎ᠡ᠃      ︵ᠭᠤᠷᠪᠠ︶ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠣᠷᠭᠠᠨᠢᠭ ᠢᠶᠠᠷ  ᠠᠭᠤᠰᠤᠯᠴᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ ᠤ ᠬᠤᠰᠢᠭᠤ ᠪᠠᠨ ᠬᠥᠳᠡᠭᠡ ᠲᠣᠰᠬᠤᠨ ᠢ  ᠬᠦᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ ᠪᠣᠯᠭᠠᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠮᠠᠭᠲᠠ ᠬᠥᠳᠡᠭᠡ ᠲᠣᠰᠬᠤᠨ ᠤ ᠬᠥᠭᠵᠢᠯᠲᠡ ᠶᠢᠨ ᠦᠨᠳᠦᠰᠦᠨ  ᠬᠦᠳᠡᠯᠭᠡᠬᠦ ᠬᠦᠴᠦᠨ ᠪᠣᠯᠭᠠᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ  ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ ᠃ ᠤᠯᠤᠰ ᠤᠨ ᠲᠠᠰ ᠤᠨ ᠵᠢᠵᠢᠭ ᠲᠠᠷᠢᠶᠠᠴᠢᠨ ᠡᠷᠦᠬᠡ ᠪᠣᠯᠤᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ  ᠤᠷᠭᠠᠨᠢᠭ ᠢᠶᠠᠷ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠲᠤᠷᠰᠢᠯᠲᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠪᠣᠯᠤᠨ ᠰᠤᠯᠠ ᠪᠠᠶᠢᠬᠤ ᠣᠷᠣᠨ ᠰᠠᠭᠤᠴᠠ ᠶᠢ ᠠᠮᠢᠳᠤᠯᠢᠭ ᠠᠰᠢᠭᠯᠠᠬᠤ ᠲᠤᠷᠰᠢᠯᠲᠠ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠣᠯᠭᠤᠬᠤ ᠠᠬᠢᠴᠠ ᠶᠢ ᠲᠦᠷᠭᠡᠳᠬᠡᠵᠦ ᠂ ᠦᠨᠡᠮᠯᠡᠯ ᠣᠯᠭᠤᠬᠤ ᠨᠣᠷᠮ᠎ᠠ ᠶᠢᠨ 95% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠲᠥᠯᠥᠪᠦᠷᠢ ᠲᠠᠢ ᠪᠠᠷ ᠪᠤᠴᠠᠭᠠᠨ ᠭᠠᠷᠭᠠᠬᠤ ᠲᠤᠷᠰᠢᠯᠲᠠ ᠶᠢ ᠲᠦᠯᠬᠢᠨ ᠠᠬᠢᠭᠤᠯᠵᠤ᠂ ᠵᠠᠯᠭᠠᠮᠵᠢ ᠬᠠᠮᠢᠶᠠᠷᠤᠯᠲᠠ ᠪᠠ ᠬᠠᠮᠲᠤ ᠶᠢᠨ ᠨᠢᠭᠡᠳᠦᠯᠲᠡᠶ ᠡᠵᠡᠩᠨᠡᠨ ᠬᠠᠮᠢᠶᠠᠷᠬᠤ  ᠭᠠᠵᠠᠷ ᠰᠢᠷᠣᠶ ᠶᠢᠨ ᠵᠠᠭᠪᠤᠷ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠲᠥᠷᠥᠯ ᠵᠦᠢᠯ ᠤᠨ ᠰᠠᠭᠤᠷᠢ ᠶᠢ ᠪᠠᠬᠢᠵᠢᠭᠦᠯᠬᠦ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ  ᠠᠵᠢᠯ ᠲᠦᠷᠦᠯ  ᠢ ᠴᠢᠷᠮᠠᠶᠢᠨ ᠣᠯᠵᠤ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ᠂ ᠲᠠᠷᠢᠶᠠᠨ ᠭᠠᠵᠠᠷ ᠢ ᠡᠭᠡᠯᠵᠢᠯᠡᠨ ᠲᠠᠷᠢᠬᠤ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ  ᠠᠰᠢᠭᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠠᠵᠢᠯ ᠲᠥᠷᠥᠯ  ᠤᠨ ᠪᠦᠲᠦᠭᠡᠨ ᠪᠠᠶᠢᠭᠤᠯᠤᠯᠲᠠ ᠶᠢ  ᠭᠦᠨᠵᠡᠭᠡᠶᠢᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠤᠭᠰᠠᠨ᠂ ᠳᠠᠷᠢᠵᠤ ᠲᠡᠵᠢᠭᠡᠬᠦ ᠣᠷᠴᠢᠯ᠂ ᠪᠣᠬᠢᠷᠲᠤᠯ ᠥᠬᠡᠶ  ᠬᠦᠭᠵᠢᠯᠲᠡ‌‍ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠵᠠᠭᠪᠤᠷ ᠢ ᠤᠯᠠᠮ ᠨᠢᠭᠡ ᠠᠯᠬᠤᠮ  ᠪᠠᠶᠠᠯᠢᠭᠵᠢᠭᠤᠯᠤᠨ᠎ᠠ᠃ ᠳᠠᠷᠢᠵᠤ ᠲᠡᠵᠢᠭᠡᠬᠦ ᠪᠦᠲᠦᠴᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ ᠰᠢᠯᠢᠳᠡᠭᠵᠢᠭᠦᠯᠦᠨ᠎ᠡ᠃ ᠰᠢᠷ᠎ᠠ ᠪᠤᠷᠴᠠᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠢᠷ᠎ᠠ ᠪᠤᠷᠴᠠᠭ ᠲᠠᠷᠢᠬᠤ ᠲᠠᠯᠠᠪᠠᠢ ᠶᠢ 260 ᠲᠦᠮᠡᠨ ᠮᠦ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 33 ᠳ᠋ᠦᠩᠰᠢᠭᠤᠷ ᠵᠢᠩ ᠳᠤ ᠬᠦᠷᠭᠡᠬᠦ ᠪᠠᠷ ᠴᠢᠷᠮᠠᠶᠢᠨ᠎ᠠ᠃ ᠲᠠᠷᠢᠶᠠᠯᠠᠩ ᠤᠨ  ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ‌ᠢ ᠪᠡᠶᠡᠯᠡᠭᠦᠯᠦᠨ᠎ᠡ᠃ ᠪᠣᠬᠢᠷᠲᠤᠯ ᠥᠬᠡᠶ ᠢᠳᠡᠭᠡᠨ ᠤ ᠲᠦᠭᠦᠬᠡᠶ ᠮᠠᠲ᠋ᠧᠷᠢᠶᠠᠯ ᠤᠨ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ ᠰᠠᠭᠤᠷᠢᠨ  ᠭᠠᠵᠠᠷ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ 30 ᠲᠦᠮᠡᠨ ᠮᠥ ᠭᠡᠷᠡᠴᠢᠯᠡᠭᠡ ᠬᠢᠯᠭᠡᠵᠦ  ᠬᠤᠪᠢᠷᠠᠭᠤᠯᠬᠤ ᠣᠷᠭᠠᠨᠢᠭ ᠰᠠᠭᠤᠷᠢᠨ ᠭᠠᠵᠠᠷ ᠢ ᠭᠤᠶᠤᠴᠢᠯᠠᠪᠠ᠃ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠮᠠᠯ ᠠᠵᠤ ᠠᠬᠤᠢ ᠶᠢᠨ ᠤᠨ ᠮᠠᠯ ᠤᠨ ᠲᠤᠭ᠎ᠠ ᠶᠢ 100 ᠲᠦᠮᠡᠨ ᠲᠣᠯᠣᠭᠠᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠨ᠎ᠡ᠃  ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠦᠨ ᠬᠥᠭᠵᠢᠯᠲᠡ ᠶᠢ ᠠᠬᠢᠭᠤᠯᠪᠠ᠃ ᠰᠦᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ  ᠠᠵᠢᠯ ᠲᠥᠷᠥᠯ  ᠢ ᠬᠡᠷᠡᠭᠵᠢᠭᠦᠯᠵᠦ᠂ ᠰᠢᠯᠢᠳᠡᠭ ᠮᠠᠯ ᠠᠵᠤ ᠠᠬᠤᠢ᠂ ᠰᠠᠢ ᠺᠧ ᠰᠢᠩ᠂ ᠲᠢᠶᠠᠨ ᠰᠢᠩ ᠮᠠᠯ ᠠᠵᠤ ᠠᠬᠤᠢ ᠵᠡᠷᠭᠡ 16 ᠨᠡᠶᠢᠭᠡᠮ ᠤᠨ ᠬᠥᠷᠥᠩᠭᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠰᠦᠷᠦᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠶᠢ 12 ᠲᠦᠮᠡᠨ ᠲᠣᠯᠣᠭᠠᠢ ᠳᠤ ᠬᠦᠷᠭᠡᠬᠦ ᠪᠠᠷ ᠴᠢᠷᠮᠠᠶᠢᠨ᠎ᠠ᠃ ᠴᠠᠭᠠᠨ ᠢᠳᠡᠭᠡᠨ ᠡᠳ᠋ᠰᠢᠭᠦᠯᠬᠦ ᠠᠵᠤ  ᠠᠬᠤᠶᠢᠯᠠᠯ ᠳᠤ  ᠭᠦᠢᠴᠡᠳ ᠰᠦ ᠶᠢᠨ ᠢᠷᠡᠯᠲᠡ ᠬᠠᠩᠭᠠᠵᠤ᠂ ᠣᠷᠣᠨ ᠪᠦᠰᠡ ᠶᠢᠨ ᠬᠠᠮᠤᠭ ᠤᠨ ᠶᠡᠭᠡ ᠣᠷᠭᠠᠨᠢᠭ ᠲᠦᠭᠦᠬᠡᠶ  ᠰᠦ ᠡᠳ᠋ᠰᠢᠭᠦᠯᠬᠦ ᠭᠤᠤᠯ  ᠂ ᠣᠷᠭᠠᠨᠢᠭ ᠲᠦᠭᠦᠬᠡᠶ  ᠰᠦ  ᠦᠢᠯᠡᠳᠪᠦᠷᠢᠯᠡᠬᠦ ᠭᠤᠤᠯ᠂  ᠵᠢᠱᠢᠶ᠎ᠡ ᠦᠵᠡᠭᠦᠯᠬᠦ ᠣᠷᠭᠠᠨᠢᠭ ᠮᠠᠯᠵᠢᠯ ᠤᠨ ᠲᠠᠯᠠᠪᠠᠢ ᠶᠢᠨ ᠭᠤᠤᠯᠯᠠᠭᠴᠢ ᠶᠢ ᠪᠦᠬᠦ ᠲᠠᠯ᠎ᠠ ᠪᠠᠷ ᠪᠤᠢ ᠪᠤᠯᠭᠠᠨ᠎ᠠ᠃ ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠭᠦ ᠶᠢ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ  ᠪᠠᠷᠢᠮᠳᠠᠯᠠᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃  ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠬᠤᠶᠢᠷᠭᠤᠰᠢᠬᠤ ᠦᠭᠡᠢ᠃ ᠠᠵᠤ ᠦᠢᠯᠡᠳᠪᠦᠷᠢ ᠶᠢᠨ ᠲᠣᠭᠤᠷᠢᠭ ᠤᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ 6 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠴᠢ ᠯᠦ ᠶᠢᠨ ᠠᠮᠢᠳᠤ ᠪᠣᠳᠠᠰ ᠤᠨ ᠡᠮ ᠦᠢᠯᠡᠳᠬᠦ ᠠᠵᠢᠯ ᠲᠥᠷᠥᠯ  ᠤᠨ ᠨᠢᠭᠡᠳᠦᠭᠡᠷ ᠬᠤᠭᠤᠴᠠᠭᠠᠨ ᠤ  ᠢᠨᠵᠧᠨᠧᠷᠢᠩ  ᠢ 8 ᠳ᠋ᠤᠭᠠᠷ ᠰᠠᠷ᠎ᠠ ᠳᠤ  ᠠᠰᠢᠭᠯᠠᠯᠲᠠ ᠳᠤ ᠣᠷᠣᠬᠤ ᠶᠢ ᠪᠠᠲᠤᠯᠠᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ  ᠢ ᠲᠤᠰ ᠵᠢᠯ ᠤᠨ ᠳᠤᠲᠤᠷ᠎ᠠ ᠠᠵᠢᠯ ᠡᠬᠢᠯᠡᠭᠦᠯᠦᠨ᠎ᠡ︔ ᠢᠯᠢ ᠣᠷᠭᠠᠨᠢᠭ ᠴᠠᠭᠠᠨ ᠢᠳᠡᠭᠡᠨ ᠤ  ᠠᠵᠢᠯ ᠲᠥᠷᠥᠯ  ᠤᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠢᠷᠡᠬᠦ ᠵᠢᠯ ᠤᠨ 6 ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠠᠲᠤᠯᠠᠵᠤ᠂  ᠠᠵᠢᠯ ᠲᠥᠷᠥᠯ  ᠤᠨ ᠬᠤᠶᠠᠳᠤᠭᠠᠷ ᠬᠤᠭᠤᠴᠠᠭᠠᠨ ᠤ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠢᠷᠡᠬᠦ ᠵᠢᠯ ᠠᠵᠢᠯ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠶ ︔ ᠬᠠᠢ ᠡᠯ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠬᠦᠷᠢᠶᠡᠯᠡᠩ ᠲᠣᠭᠤᠷᠢᠭ  ᠢ ᠬᠥᠭᠵᠢᠭᠦᠯᠦᠨ ᠮᠠᠨᠳᠤᠭᠤᠯᠬᠤ ᠶᠢ ᠰᠤᠯᠠᠷᠠᠭᠤᠯᠤᠯ ᠦᠭᠡᠢ ᠴᠢᠩᠭᠠᠳᠬᠠᠨ᠎ᠠ᠃ ᠬᠥᠯᠥᠨ ᠪᠦᠷ ᠤᠨ ᠪᠣᠬᠢᠷᠲᠤᠯ ᠦᠭᠡᠢ ᠣᠷᠭᠠᠨᠢᠭ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ PPP ᠠᠵᠢᠯ ᠲᠥᠷᠥᠯ  ᠢ ᠲᠦᠷᠭᠡᠳᠬᠡᠨ  ᠠᠬᠢᠭᠤᠯᠵᠤ᠂ ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠲᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢ ᠯᠦ ᠠᠮᠢᠳᠤ ᠪᠣᠳᠠᠰ ᠤᠨ ᠡᠮ  ᠦᠢᠯᠡᠳᠬᠦ ᠂ ᠢᠯᠢ ᠣᠷᠭᠠᠨᠢᠭ ᠴᠠᠭᠠᠨ ᠢᠳᠡᠭᠡᠨ ᠤ ᠠᠵᠢᠯ ᠲᠥᠷᠥᠯ  ᠤᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠥᠷᠭᠡᠳᠬᠡᠬᠦ ᠠᠵᠢᠯᠯᠠᠭ᠎ᠠ ᠶᠢ ᠥᠷᠨᠢᠭᠦᠯᠵᠦ᠂ ᠳᠡᠭᠡᠲᠦ ᠳᠣᠣᠷᠠᠳᠤ ᠤᠷᠤᠰᠬᠠᠯ ᠤᠨ ᠬᠤᠯᠪᠣᠭᠠᠯᠠᠨ ᠬᠥᠳᠡᠯᠦᠯᠴᠡᠬᠦ᠂ ᠠᠵᠤ ᠦᠢᠯᠡᠰ ᠤᠨ ᠬᠤᠭᠤᠷᠤᠨᠲᠤᠬᠢ ᠬᠠᠷᠢᠯᠴᠠᠨ ᠦᠢᠯᠡᠳᠦᠯᠴᠡᠬᠦ ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠢ  ᠴᠢᠷᠮᠠᠶᠢᠨ ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠤᠨ ᠰᠢᠪᠲᠤᠯᠤᠯᠲᠠ ᠶᠢᠨ ᠴᠢᠨᠠᠷᠲᠠᠢ ᠨᠡᠮᠡᠭᠳᠡᠯ ᠢ  ᠪᠡᠶᠡᠯᠡᠭᠦᠯᠦᠨ᠎ᠡ᠃ ᠭᠤᠷᠪᠠ ᠳᠤ ᠠᠷᠠᠯᠵᠢᠶ᠎ᠠ ᠬᠤᠳᠠᠯᠳᠤᠭᠠᠨ ᠤ ᠵᠢᠭᠤᠯᠴᠢᠯᠠᠯ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ  ᠳᠡᠭᠡᠭᠰᠢᠯᠡᠭᠦᠯᠬᠦ  ᠶᠢ ᠠᠬᠢᠭᠤᠯᠤᠨ᠎ᠠ᠃ ᠣᠷᠣᠨ ᠪᠠᠶᠢᠷᠢ ᠶᠢᠨ ᠳᠠᠪᠠᠭᠤᠯᠢᠭ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂  ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠦᠨᠡᠨᠬᠦ ᠡᠭᠦᠳᠦᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭ᠎ᠠ  ᠭᠦᠢᠯᠭᠡᠭᠡᠨ ᠤ ᠰᠦᠷᠦᠭᠵᠢᠯ ᠢ ᠶᠡᠬᠡᠪᠡᠷ ᠪᠤᠶᠢᠵᠢᠭᠤᠯᠤᠨ᠎ᠠ᠃ ᠴᠢ ᠯᠦ ᠶᠢᠨ ᠠᠮᠢᠳᠤ ᠪᠣᠳᠠᠰ ᠤᠨ ᠡᠮ ᠦᠢᠯᠡᠳᠬᠦ᠂ ᠬᠥᠯᠥᠨ ᠪᠦᠷ ᠤᠨ ᠮᠢᠬᠠᠨ ᠤ ᠦᠢᠯᠡᠰ ᠤᠨ ᠪᠦᠯᠦᠭᠯᠡᠯ᠂ ᠰᠢᠨ ᠹᠡ  ᠠᠮᠦ ᠪᠤᠳᠠᠭᠠᠨ‌‍ᠤ ᠦᠢᠯᠡᠰ᠂  ᠮᠧᠩ ᠲᠢᠶᠠᠨ ᠶᠤᠸᠠᠨ ᠤ ᠢᠳᠡᠰᠢᠨ ᠮᠦᠬᠦ ᠶᠢᠨ ᠰᠠᠭᠤᠷᠢᠨ ᠭᠠᠵᠠᠷ ᠤᠨ ᠭᠠᠳᠠᠭᠠᠳᠤ  ᠠᠷᠠᠯᠵᠢᠶᠠᠨ ᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠢᠳᠡᠪᠬᠢᠲᠡᠢ ᠵᠣᠷᠢᠭᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠰᠡᠳᠬᠢᠴᠡ ᠪᠠᠨ ᠰᠢᠨᠡᠴᠢᠯᠡᠵᠦ᠂ ︽ᠰᠦᠯᠵᠢᠶᠡᠨ ᠳᠠᠬᠢ ᠪᠠᠷᠠᠭ᠎ᠠ︾ ᠶᠢᠨ ᠰᠤᠳᠤᠯᠤᠨ ᠨᠡᠭᠡᠭᠡᠬᠦ᠂ ᠪᠣᠭᠤᠳᠠᠯᠯᠠᠬᠤ᠂ ᠡᠵᠡᠩᠨᠡᠨ ᠪᠣᠷᠣᠯᠠᠭᠤᠯᠬᠤ᠂  ᠲᠡᠭᠡᠭᠡᠪᠦᠷᠢᠯᠡᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠣᠯᠤᠨ ︽ ᠫᠢᠨ ᠳ᠋ᠥᠸᠧ ᠳ᠋ᠥᠸᠧ︾ ᠵᠡᠷᠭᠡ ᠲᠠᠪᠴᠠᠩ ᠢ ᠵᠣᠯᠭᠠᠭᠤᠯᠬᠤ ᠶᠢ ᠳᠠᠮᠵᠢᠨ᠎ᠠ᠃ ᠨᠡᠶᠢᠭᠡᠮ ᠤᠨ ᠬᠠᠷᠢᠯᠴᠠᠭᠠᠨ ᠤ ᠡᠯᠧᠺᠲᠷᠣᠨ ᠬᠤᠳᠠᠯᠳᠤᠭ᠎ᠠ᠂ ︽ᠰᠦᠯᠵᠢᠶᠡᠨ ᠤᠳᠦ︾  ᠪᠠᠷ ᠪᠠᠷᠠᠭ᠎ᠠ  ᠬᠤᠳᠠᠯᠳᠠᠭᠤᠯᠬᠤ  ᠵᠡᠷᠭᠡ ᠡᠵᠡᠩᠨᠡᠯᠲᠡ ᠶᠢᠨ ᠰᠢᠨ᠎ᠡ ᠠᠷᠭ᠎ᠠ ᠮᠠᠶ᠋ᠢᠭ ᠶᠢ ᠬᠠᠶᠢᠨ ᠰᠦᠪᠡᠭᠴᠢᠯᠡᠵᠦ᠂ ᠤᠯᠠᠨ ᠲᠠᠯ᠎ᠠ ᠪᠠᠷ ᠬᠦᠴᠦᠯᠡᠵᠦ᠂ ᠤᠯᠠᠨ ᠡᠰᠢᠴᠢᠯᠡᠨ ᠬᠥᠭᠵᠢᠭᠰᠡᠨ ᠡᠯᠧᠺᠲᠷᠣᠨ ᠬᠤᠳᠠᠯᠳᠤᠭᠠᠨ ᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠬᠥᠯᠥᠨ ᠪᠦᠢᠷ︾ ᠭᠡᠬᠦ ᠨᠡᠷᠡᠲᠦ  ᠫᠠᠶᠢᠰᠠ ᠶᠢ ᠰᠠᠶᠢᠲᠤᠷ ᠬᠡᠷᠡᠭᠯᠡᠵᠦ᠂ ᠦᠨᠳᠦᠰᠦᠲᠡᠨ ᠤ ᠰᠣᠶᠣᠯ᠂ ᠲᠡᠤᠬᠡ ᠰᠣᠶᠣᠯ‌‍ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠣᠶᠣᠯ ᠬᠢᠭᠡᠳ  ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠭᠤᠶᠢᠲᠤ ᠣᠷᠣᠨ ᠤ ᠠᠮᠢ ᠠᠬᠤᠢ ᠶᠢᠨ ᠵᠤᠭᠠᠴᠠᠯ᠂ ᠬᠥᠳᠡᠭᠡ ᠲᠣᠰᠬᠤᠨ ᠤ ᠰᠡᠯᠡᠭᠦᠴᠡᠯ ᠤᠨ ᠵᠤᠭᠠᠴᠠᠯ᠂ ᠦᠨᠳᠦᠰᠦᠲᠡᠨ ᠤ ᠵᠠᠩ ᠦᠢᠯᠡ ᠶᠢᠨ ᠵᠤᠭᠠᠴᠠᠯ᠂ ᠬᠤᠯᠪᠣᠭᠠᠲᠤ ᠴᠡᠷᠢᠭ ᠤᠨ ᠬᠤᠪᠢᠰᠬᠠᠯᠲᠤ ᠵᠤᠭᠠᠴᠠᠯ ᠵᠡᠷᠭᠡ ᠤᠨᠴᠠᠯᠢᠬᠳᠤ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠦᠨ᠎ᠡ᠃ ᠵᠠᠶᠠᠭᠠᠲᠠᠢ ᠰᠡᠯᠡᠭᠦᠴᠡᠯ ᠤᠨ ᠲᠠᠷᠢᠶᠠᠯᠠᠩ ᠤᠨ ᠮᠠᠶ᠋ᠢᠭᠲᠤ ᠶᠢᠨ ᠬᠦᠷᠢᠶᠡᠯᠡᠩ ᠢ ᠤᠯᠤᠰ ᠤᠨ A ᠲᠡᠰ ᠤᠨ  ᠵᠢᠭᠤᠯᠴᠢᠯᠠᠯ ᠤᠨ ᠦᠵᠡᠮᠵᠢ ᠶᠢᠨ ᠣᠷᠣᠨ   ᠪᠤᠯᠭᠠᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠵᠠᠶᠠᠭᠠᠲᠠᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠢᠴᠢ ᠶᠢᠨ ᠵᠢᠶᠧ ᠬᠤᠦ ᠶᠢᠨ ᠬᠠᠮᠠᠭᠠᠯᠠᠯᠲᠠ ᠵᠢᠨ‌‍ᠪᠦ᠋ᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃  ᠲᠦ᠋ ᠪᠦᠸᠧ ᠯᠧ ᠶᠢᠨ ᠦᠵᠡᠮᠵᠢ ᠶᠢᠨ ᠣᠷᠣᠨ᠂ ᠬᠦᠷᠢᠶ᠎ᠡ ᠭᠤᠤ ᠶᠢᠨ ᠰᠡᠯᠡᠭᠦᠴᠡᠯ ᠤᠨ ᠠᠵᠤ ᠦᠢᠯᠡᠰ ᠤᠨ ᠰᠠᠭᠤᠷᠢᠨ ᠵᠡᠷᠭᠡ   ᠠᠵᠢᠯ ᠲᠦᠷᠦᠯ ᠢ ᠠᠬᠢᠯᠲᠠ ᠲᠠᠢ ᠪᠣᠯᠭᠠᠬᠤ ᠪᠠᠷ ᠴᠢᠷᠮᠠᠶᠢᠨ᠎ᠠ᠃      ︵ ᠳᠦᠷᠪᠡ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠨᠢᠭᠡ ᠳᠤ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ 4.22 ᠳ᠋ᠦᠩᠰᠢᠭᠤᠷ ᠲᠥᠭᠦᠷᠢᠭ  ᠪᠡᠯᠡ ᠮᠦᠩᠭᠦ ᠣᠷᠣᠭᠤᠯᠵᠠᠢ᠃ ᠴᠢ ᠮᠧᠩ ᠢ ᠶᠤᠸᠠᠨ ᠴᠡᠴᠡᠷᠯᠢᠭ᠂  ᠪᠢ ᠱᠦᠢ ᠬᠤᠸᠠ ᠲᠢᠩ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ  ᠨᠡᠭᠡᠭᠡᠯᠲᠡ   ᠭᠡᠬᠦ ᠮᠡᠲᠦ  ᠶᠢᠨ ᠠᠵᠢᠯ ᠲᠥᠷᠥᠯ  ᠢ ᠨᠡᠶᠢᠲᠡ10 ᠬᠡᠷᠡᠭᠵᠢᠭᠦᠯᠵᠦ᠂ ᠪᠠᠷᠢᠯᠭ᠎ᠠ ᠶᠢᠨ ᠲᠠᠯᠠᠪᠠᠢ ᠨᠢ 39.47 ᠲᠦᠮᠡᠨ ᠲᠡᠭᠰᠢ  ᠳᠦᠷᠪᠡᠯᠵᠢᠨ ᠮᠧᠲᠷ ᠪᠣᠯᠤᠨ᠎ᠠ᠃ 2.89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃ ᠪᠣᠬᠢᠷ ᠤᠰᠤᠨ ᠤ ᠬᠤᠭᠤᠯᠠᠶ ᠲᠣᠤᠷ ᠢ ᠭᠤᠤᠯ ᠭᠠᠲᠤᠯᠬᠤ ᠬᠡᠰᠡᠭ ᠤᠨ ᠥᠭᠡᠷᠡᠴᠢᠯᠡᠯᠲᠡ᠂ ᠬᠠᠭᠤᠴᠢᠨ ᠰᠠᠭᠤᠭᠠᠯᠢ  ᠲᠤᠭᠤᠷᠢᠭ ᠤᠨ ᠥᠭᠡᠷᠡᠴᠢᠯᠡᠯᠲᠡ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠵᠡᠷᠭᠡ ᠰᠠᠭᠤᠷᠢ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ  ᠢ ᠬᠡᠷᠡᠭᠵᠢᠭᠦᠯᠵᠦ᠂ ᠪᠢᠨ ᠾᠧ ᠵᠡᠭᠦᠨ ᠵᠡᠭᠡᠯᠢ ᠵᠡᠷᠭᠡ ᠬᠤᠲᠠ ᠶᠢᠨ ᠲᠣᠭᠤᠷᠢᠭ ᠤᠨ 19 ᠵᠤᠷᠪᠤᠰ᠂ 24.53 ᠺᠢᠯᠣᠮᠧᠲᠷ ᠵᠠᠮ  ᠢ  ᠵᠠᠰᠠᠨ ᠳᠡᠰ  ᠳᠡᠪᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠲᠣᠰᠬᠤᠨ 10 ᠶᠢ ᠡᠭᠦᠳᠦᠨ ᠪᠠᠶᠢᠭᠤᠯᠤᠨ᠎ᠠ᠃ ︽ᠵᠣᠷᠯᠣᠩ ᠤᠨ ᠬᠤᠪᠢᠰᠬᠠᠯ︾ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠠᠷᠢᠭᠤᠨ ᠴᠡᠪᠡᠷ ᠵᠣᠷᠯᠣᠩ  ᠤᠨ ᠦᠭᠡᠷᠡᠴᠢᠯᠡᠯᠲᠠ ᠶᠢ 5749  ᠪᠡᠶᠡᠯᠡᠭᠦᠯᠦᠨ᠎ᠡ᠃ ᠬᠥᠳᠡᠭᠡ ᠲᠣᠰᠬᠤᠨ ᠤ ᠬᠤᠭ ᠨᠣᠪᠰᠢ ᠶᠢ ᠵᠠᠰᠠᠵᠤ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ ᠬᠤᠲᠠ ᠬᠥᠳᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ‌‍ᠬᠦ᠋ᠳᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠯᠠᠭ᠎ᠠ ᠮᠥᠴᠢᠷ ᠤᠨ ᠳᠠᠭᠠᠭᠠᠴᠢᠯᠠᠨ  ᠬᠤᠯᠪᠤᠭᠠᠯᠠᠵᠦ ᠬᠠᠮᠲᠤᠪᠠᠷ ᠪᠠᠶᠢᠭᠤᠯᠬᠤ ᠲᠣᠭᠲᠠᠴᠠ ᠶᠢ ᠳᠡᠯᠭᠡᠷᠡᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢᠨ ᠵᠠᠭᠪᠤᠷ  ᠢ ᠨᠠᠷᠢᠯᠢᠭᠵᠢᠭᠤᠯᠵᠤ᠂ ᠵᠠᠮ ᠤᠨ ᠬᠤᠶᠠᠷ ᠬᠠᠵᠠᠭᠤ᠂ ᠴᠣᠩᠬᠤᠪᠴᠢ ᠭᠠᠵᠠᠷ ᠣᠷᠣᠨ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠵᠡᠷᠭᠡ ᠢᠳᠡᠭᠡᠨ ᠤ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠵᠤ᠂ ᠪᠣᠯᠪᠠᠰᠤᠨ ᠪᠥᠭᠡᠳ ᠡᠮᠬᠢ  ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ  ᠢ ᠪᠤᠢ ᠪᠣᠯᠭᠠᠬᠤ ᠬᠡᠷᠡᠭᠲᠡᠶ᠃ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠶᠢ ᠬᠦᠴᠦᠯᠡᠨ ᠰᠠᠶᠢᠲᠤᠷ ᠠᠳᠬᠤᠵᠤ᠂ ᠢᠯᠴᠢ ᠬᠠᠩᠭᠠᠬᠤ ᠶᠠᠰᠤ ᠴᠢᠨᠠᠷ  ᠢ ᠢᠯᠡᠳᠲᠡ ᠳᠡᠭᠡᠭᠰᠢᠯᠡᠭᠦᠯᠦᠨ᠎ᠡ᠃ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ︾ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠦᠷᠢᠶ᠎ᠡ ᠭᠤᠤ ᠠᠴᠠ  ᠳ᠋ᠧᠯᠴᠢᠷ ᠣᠢ ᠰᠢᠭᠤᠶ ᠶᠢᠨ ᠲᠠᠯᠠᠪᠠᠢ  ᠳᠤ ᠬᠦᠷᠬᠦ᠂  ᠬᠤᠩ ᠬᠤᠸᠠ‌ᠯᠢᠶᠠᠩ  ᠽᠢ ᠠᠴᠠ ᠰᠤᠷᠴᠢ ᠬᠦᠷᠬᠦ ᠵᠡᠷᠭᠡ ᠵᠠᠰᠠᠮᠠᠯ‌‍ᠯ ᠵᠠᠮ ᠤᠨ ᠦᠷᠭᠦᠯᠵᠢᠯᠡᠨ ᠪᠦᠲᠦᠭᠡᠨ ᠪᠠᠶᠢᠭᠤᠯᠬᠤ  ᠠᠵᠢᠯ ᠲᠥᠷᠥᠯ  ᠤᠨ ᠪᠦᠲᠦᠭᠡᠨ ᠪᠠᠶᠢᠭᠤᠯᠤᠯᠲᠠ ᠶᠢ  ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠬᠡᠷᠡᠭᠯᠡᠬᠦ ᠶᠢ ᠪᠠᠲᠤᠯᠠᠨ᠎ᠠ᠃ ᠠᠷᠤᠨ ᠬᠤᠰᠢᠭᠤᠨ ᠤ ᠵᠧᠨ ᠰᠢᠩ ᠵᠠᠮ ᠠᠴᠠ ᠶᠢᠦ ᠷᠠᠨ ᠮᠠᠯ ᠠᠵᠤ ᠠᠬᠤᠶ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ  ᠲᠤ ᠬᠥᠷᠬᠦ ᠵᠠᠰᠠᠮᠠᠯ ᠵᠠᠮ᠂  ᠠᠷᠤᠨ  ᠬᠤᠰᠢᠭᠤ ᠵᠠᠯᠠᠨ ᠠᠶᠢᠯ  ᠬᠤᠲᠠ ᠶᠢᠨ ᠬᠤᠭᠤᠷᠤᠨᠲᠤᠬᠢ  ᠦᠨᠳᠦᠷ ᠬᠤᠷᠳᠤᠴᠠᠲᠤ ᠵᠠᠰᠠᠮᠠᠯ ᠵᠠᠮ ᠤᠨ ᠰᠢᠶᠠᠩ ᠶᠠᠩ ᠢᠦᠶ ᠶᠢᠨ ᠵᠠᠮ ᠥᠭᠡᠷᠡᠴᠢᠯᠡᠬᠦ ᠢᠨᠵᠧᠨᠧᠷᠢᠩ ᠵᠡᠷᠭᠡ  ᠠᠵᠢᠯ ᠲᠥᠷᠥᠯ  ᠤᠨ ᠪᠥᠲᠥᠭᠡᠨ ᠪᠠᠶᠢᠭᠤᠯᠤᠯᠲᠠ ᠶᠢ  ᠠᠬᠢᠭᠤᠯᠤᠨ ᠬᠡᠷᠡᠭᠵᠢᠭᠦᠯᠦᠨ᠎ᠡ᠃  ᠠᠷᠢᠭᠤᠨ ᠭᠤᠤᠯ ᠤᠨ ᠰᠠᠯᠪᠤᠷᠢ ᠤᠷᠤᠰᠬᠠᠯ ᠤᠨ ᠭᠤᠤᠯ ᠤᠨ ᠵᠠᠮ  ᠢ ᠵᠠᠰᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠡᠰᠡᠭ ᠤᠨ ᠦᠶᠡᠷ ᠢ ᠰᠡᠷᠭᠡᠶᠢᠯᠡᠬᠦ ᠳᠠᠯᠠᠩ ᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ 5G ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢ ᠢᠳᠡᠪᠬᠢᠲᠡᠶ ᠪᠠᠷ ᠲᠥᠯᠥᠪᠯᠡᠨ ᠪᠠᠶᠢᠷᠢᠯᠠᠭᠤᠯᠤᠨ᠎ᠠ᠃ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠵᠢᠴᠢ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠶ  ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲ᠊ ‍ᠦ᠋ᠯᠬᠢᠨ ᠠᠬᠢᠭᠤᠯᠤᠨ᠎ᠠ᠃      ︵ᠲᠠᠪᠤ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠨᠢᠭᠡ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ‌‍ᠶᠢ ᠴᠢᠩᠭᠠᠳᠬᠠᠨ᠎ᠠ᠃ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠵᠢᠴᠢ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠵᠤ ᠣᠶᠢᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠥᠷᠨᠢᠭᠦᠯᠵᠦ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ ᠶᠢᠨ ᠢᠨᠵᠧᠨᠧᠷᠢᠩ 1.5  ᠲᠦᠮᠡᠨ ᠮᠦ ᠣᠶᠢᠵᠢᠭᠤᠯᠵᠤ᠂ 58 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠬᠤ ᠶᠢ ᠬᠡᠷᠡᠭᠵᠢᠭᠦᠯᠪᠡ᠃ ᠰᠤᠷᠴᠢ ᠤᠯᠤᠰ ᠠᠴᠠ ᠨᠤᠭᠤ ᠭᠠᠵᠠᠷ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠪᠠ ᠪᠣᠬᠢᠷᠲᠤᠯ ᠦᠭᠡᠢ ᠠᠮᠢ ᠠᠬᠤᠢ  ᠶᠢᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ  ᠢ ᠨᠠᠶᠢᠳᠠᠪᠤᠷᠢᠵᠢᠭᠤᠯᠵᠤ᠂  ᠪᠠᠶᠢᠭᠠᠯᠢ ᠶᠢᠨ ᠬᠠᠮᠠᠭᠠᠯᠠᠯᠲᠠ ᠶᠢᠨ ᠬᠤᠶᠠᠳᠤᠭᠠᠷ ᠬᠤᠭᠤᠴᠠᠭ᠎ᠠ᠂ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ᠂  ᠪᠠᠶᠢᠭᠠᠯᠢ ᠶᠢᠨ ᠪᠤᠰᠦ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠪᠠᠶᠢᠭᠠᠯᠢ ᠶᠢᠨ ᠲᠠᠸᠠᠷ ᠤᠨ ᠣᠶ ᠰᠢᠭᠤᠶ ᠶᠢᠨ  ᠬᠠᠮᠢᠶᠠᠷᠤᠨ ᠬᠠᠮᠠᠭᠠᠯᠠᠯᠲᠠ ᠶᠢᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠢ ᠬᠡᠷᠡᠭᠵᠢᠭᠦᠯᠦᠨ᠎ᠡ᠃ ᠮᠠᠯᠵᠢᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠵᠦ᠂ ᠮᠠᠭᠤᠵᠢᠷᠠᠬᠤ᠂ ᠡᠯᠡᠰᠦᠷᠬᠡᠭᠵᠢᠬᠦ ᠦᠵᠡᠭᠳᠡᠯ ᠢ ᠦᠨᠡᠨᠬᠦ ᠰᠡᠷᠭᠡᠶᠢᠯᠡᠨ ᠬᠤᠷᠢᠭᠯᠠᠬᠤ ᠬᠡᠷᠡᠭᠲᠡᠶ᠃ ᠭᠤᠷᠪᠠ ᠳᠤ ᠠᠮᠢ ᠠᠬᠤᠶ ᠶᠢᠨ ᠵᠠᠰᠠᠯᠲᠠ ᠶᠢ ᠴᠢᠩᠭᠠᠳᠬᠠᠨ᠎ᠠ᠃ ᠤᠯᠤᠰ ᠠᠴᠠ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ︽ᠬᠤᠷᠢᠭ᠎ᠠ ᠱᠤᠭᠤᠮ︾ ᠤᠨ ᠰᠡᠳᠬᠢᠬᠦᠶ ᠪᠠ ︽ᠤᠯᠠᠭᠠᠨ ᠱᠤᠭᠤᠮ︾ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ  ᠴᠢᠩᠭᠠᠳᠬᠠᠵᠦ᠂ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠰᠠᠶᠢᠲᠤᠷ ᠬᠢᠨ᠎ᠡ᠃ ᠣᠢ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠦ᠂ ᠰᠦᠷᠳᠡᠭᠦᠯᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠴᠠᠭᠳᠠᠨ ᠪᠠᠶᠢᠴᠠᠭᠠᠬᠤ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠠᠮᠢ ᠠᠬᠤᠢ ᠶᠢᠨ ᠵᠠᠰᠠᠯᠲᠠ ᠶᠢᠨ ᠠᠵᠢᠯ ᠲᠥᠷᠦᠯ ᠤᠨ ᠪᠦᠲᠦᠭᠡᠨ ᠪᠠᠢᠭᠤᠯᠤᠯᠲᠠ ᠶᠢ ᠠᠬᠢᠭᠤᠯᠵᠤ᠂ 20 ᠵᠤᠷᠪᠤᠰ ᠢᠳᠡᠭᠳᠡᠮᠡᠯ ᠭᠤᠤ ᠶᠢ ᠵᠠᠰᠠᠨ ᠴᠡᠭᠴᠡᠯᠡᠵᠦ᠂ ᠬᠠᠷᠢᠭᠤᠴᠠᠯᠭ᠎ᠠ ᠦᠭᠡᠢ ᠭᠤᠣᠯ ᠴᠣᠭᠴᠠᠲᠤ 8 ᠠᠭᠤᠷᠬᠠᠢ ᠶᠢ ᠰᠡᠷᠭᠦᠭᠡᠨ ᠵᠠᠰᠠᠨ᠎ᠠ᠃     ︵ᠵᠢᠷᠭᠤᠭ᠎ᠠ︶ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠢᠭᠡ ᠳᠤ ᠠᠵᠢᠯ ᠣᠯᠭᠤᠯᠲᠠ ᠦᠢᠯᠡᠰ ᠪᠣᠰᠬᠠᠯᠲᠠ ᠶᠢ ᠢᠳᠡᠪᠬᠢᠲᠡᠢ ᠠᠬᠢᠭᠤᠯᠤᠨ᠎ᠠ᠃ ᠬᠥᠯᠥᠨ  ᠪᠦᠢᠷ ᠤᠨ ᠠᠵᠢᠯ ᠮᠡᠷᠭᠡᠵᠢᠯ ᠤᠨ  ᠳᠡᠭᠡᠲᠦ ᠰᠤᠷᠭᠠᠭᠤᠯᠢ ᠬᠢᠭᠡᠳ ᠬᠤᠰᠢᠭᠤᠨ ᠤ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠬᠠᠮᠲᠤᠷᠠᠭᠰᠠᠨ ᠰᠤᠷᠭᠠᠭᠤᠯᠢ ᠡᠷᠬᠢᠯᠡᠬᠦ ᠲᠠᠪᠴᠠᠩ ᠳᠤ ᠲᠦᠰᠢᠭᠯᠡᠨ᠂ ︽ ᠰᠤᠷᠤᠯᠭ᠎ᠠ ᠶᠢᠨ ᠨᠠᠮᠲᠠᠷ ᠤᠨ ᠦᠨᠡᠮᠯᠡᠯ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ︾ ᠤᠨ ᠲᠤᠷᠰᠢᠯᠲᠠ ᠶᠢ ᠥᠷᠨᠢᠭᠦᠯᠦᠨ᠎ᠡ᠃ ᠮᠠᠨ ᠤ ᠬᠤᠰᠢᠭᠤᠨ ᠤ  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ  ᠦᠢᠯᠡᠴᠢᠯᠡᠬᠦ᠂ ᠴᠢ ᠯᠦ ᠶᠢᠨ ᠠᠮᠢᠳᠤ ᠪᠣᠳᠠᠰ ᠤᠨ ᠡᠮ  ᠦᠢᠯᠡᠳᠬᠦ ︽ᠪᠣᠷᠣ ᠵᠠᠭᠠᠮᠠᠳᠠᠨ︾ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠮᠥᠩᠭᠦᠨ  ᠭᠦᠢᠯᠭᠡᠭᠡᠨ ᠢᠶᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠵᠢᠴᠢ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠤᠨ ᠠᠳᠠᠯ  ᠦᠢᠯᠡᠰ ᠴᠣᠭᠴᠠᠯᠠᠬᠤ ᠵᠢᠭᠡᠯᠡᠯᠭᠡ ᠶᠢ ᠳᠡᠮᠵᠢᠨ᠎ᠡ᠃ ᠨᠡᠩ ᠤᠯᠠᠨ  ᠠᠵᠢᠯ ᠤᠨ ᠪᠠᠶᠢᠷᠢ ᠶᠢ ᠴᠢᠷᠮᠠᠶᠢᠨ ᠡᠭᠦᠳᠴᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠮᠵᠢᠨ᠎ᠠ᠃ ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠰᠤᠲᠠᠨ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠤᠬᠡᠳ ᠢ ᠠᠪᠤᠷᠠᠬᠤ᠂ ᠠᠰᠠᠷᠠᠨ ᠬᠠᠷᠠᠭᠠᠯᠵᠠᠬᠤ  ᠵᠡᠷᠭᠡ ᠦᠢᠯᠡᠰ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠦᠴᠢᠷᠳᠡᠯᠲᠡᠶ ᠤᠯᠠᠨ ᠲᠦᠮᠡᠨ᠂ ᠣᠨᠴᠠᠭᠠᠶ ᠬᠠᠮᠲᠤᠯᠢᠭ ᠤᠨ ᠦᠨᠳᠦᠰᠦᠨ  ᠵᠦᠢᠯ ᠢ ᠪᠠᠲᠤᠯᠠᠬᠤ ᠪᠠᠲᠤᠯᠠᠭ᠎ᠠ ᠶᠢ ᠪᠡᠶᠡᠯᠡᠭᠦᠯᠦᠨ᠎ᠡ᠃ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠪᠠᠭᠠᠲᠤᠷᠴᠤᠳ ᠤᠨ ᠬᠦᠷᠢᠶᠡᠯᠡᠩ ᠤᠨ ᠳᠤᠷᠠᠰᠬᠠᠯ ᠤᠨ  ᠲᠢᠩᠬᠢᠮ ᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠲᠠᠪᠤᠨ ᠵᠢᠯ ᠳᠠᠷᠠᠭᠠᠯᠠᠨ ᠮᠠᠩᠯᠠᠶᠢᠯᠠᠬᠤ ᠪᠠᠷ ᠴᠢᠷᠮᠠᠶᠢᠨ᠎ᠠ᠃ ᠭᠤᠷᠪᠠ ᠳᠤ ᠴᠢᠨᠠᠷ ᠰᠠᠶᠢᠲᠠᠶ ᠲᠡᠩᠴᠡᠭᠦᠷᠢᠲᠡᠶ ᠰᠤᠷᠭᠠᠨ ᠬᠥᠮᠦᠵᠢᠯ ᠢ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ  ᠲᠡᠩᠴᠡᠭᠦᠷᠢᠲᠦ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠨ  ᠬᠦᠮᠦᠵᠢᠯ ᠤᠨ ᠶᠠᠰᠤ ᠴᠢᠨᠠᠷ  ᠢ ᠭᠤᠷᠪᠠᠨ ᠵᠢᠯ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠵᠢᠭᠠᠨ ᠰᠤᠷᠭᠠᠯᠲᠠ ᠳᠤ ᠴᠠᠭᠠᠷᠠᠭᠰᠠᠨ᠂ ᠬᠠᠮᠢᠶᠠᠷᠴᠤ ᠴᠢᠳᠠᠬᠤ᠂ ᠬᠡᠪ ᠴᠢᠨᠠᠷ ᠥᠨᠳᠥᠷ ᠪᠠᠭᠰᠢ ᠶᠢᠨ ᠡᠩᠨᠡᠭᠡ ᠶᠢ ᠪᠤᠶᠢᠵᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ  ᠲᠠᠰᠦᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠭᠤᠤᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠡᠷᠬᠡ ᠰᠡᠳᠦᠪ ᠢ  ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠦᠨ᠎ᠡ᠃  ᠳᠠᠪᠠᠭᠠᠨ ᠤ ᠵᠡᠭᠦᠨᠳᠡᠬᠢ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠪᠠ  ᠲᠠᠪᠤᠳᠤᠭᠠᠷ ᠬᠡᠦᠬᠡᠳ ᠤᠨ ᠴᠡᠴᠡᠷᠯᠢᠭ ᠤᠨ ᠡᠬᠢᠯᠡᠵᠦ ᠬᠡᠷᠡᠭᠯᠡᠬᠦ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ  ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠥᠷᠪᠡ ᠳᠤ ᠡᠷᠡᠭᠦᠯ ᠡᠩᠬᠡ  ᠠᠷᠤᠨ ᠬᠤᠰᠢᠭᠤ  ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠡᠷᠡᠭᠦᠯ ᠮᠡᠨᠳᠦ ᠶᠢᠨ ᠣᠨᠣᠯᠵᠢᠬᠤᠨ ᠢ ᠤᠬᠠᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ  ᠬᠡᠪᠴᠢᠶ᠎ᠡ ᠶᠢ ᠥᠷᠭᠡᠳᠬᠡᠨ᠂ ᠪᠥᠬᠦ ᠠᠷᠠᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂  ᠪᠦᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ  ᠦᠢᠯᠡᠳᠦᠯ ᠢ  ᠪᠠᠳᠠᠷᠠᠭᠤᠯᠤᠨ᠎ᠠ᠃ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠶᠢ  ᠴᠢᠩᠭᠠᠳᠬᠠᠨ᠎ᠠ᠃ ᠬᠠᠯᠳᠠᠪᠤᠷᠢᠲᠤ ᠡᠪᠡᠳᠴᠢᠨ ᠤ ᠣᠷᠣᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠵᠡᠷᠭᠡ ᠵᠦᠢᠯᠡᠰ ᠢ ᠤᠯᠬᠤ ᠪᠠᠷ ᠢᠳᠡᠪᠬᠢᠯᠡᠨ ᠴᠢᠷᠮᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠲᠥᠬᠦᠭᠡᠷᠦᠮᠵᠢ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ  ᠢ ᠬᠥᠮᠦᠵᠢᠭᠦᠯᠵᠦ᠂ ᠬᠤᠰᠢᠭᠤᠨ ᠤ ᠡᠮ ᠡᠮᠨᠡᠯᠭᠡ ᠶᠢᠨ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠲᠡᠷᠢᠭᠦᠨ ᠤ ᠨᠢᠭᠡᠴᠡ ᠶᠢᠨ ᠦᠷ᠎ᠡ ᠪᠦᠲᠦᠭᠡᠯ ᠢ ᠦᠷᠭᠦᠯᠵᠢᠯᠡᠨ  ᠪᠠᠬᠢᠵᠢᠭᠦᠯᠦᠨ᠎ᠡ᠃ ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠪᠠᠭ᠋ᠠᠷᠬᠠᠳᠠᠭ ᠰᠣᠶᠣᠯ ᠤᠨ ᠰᠣᠳᠣᠨ ᠪᠦᠲᠦᠭᠡᠯ ᠢ ᠨᠠᠩ ᠣᠯᠠᠨ ᠭᠠᠷᠭᠠᠨ᠎ᠠ᠃ ᠠᠷᠠᠳ ᠤᠨ ᠰᠣᠶᠣᠯ ᠢ ᠶᠡᠬᠡᠪᠡᠷ ᠠᠭᠤᠳᠠᠯᠵᠤ᠂ ᠪᠦᠬᠦ ᠬᠤᠰᠢᠭᠤᠨ ᠤ ᠰᠣᠶᠣᠯ ᠤᠨ ᠠᠮᠢᠵᠢᠷᠠᠯ ᠤᠨ ᠬᠦᠴᠦᠨ ᠢ  ᠨᠡᠮᠡᠭᠳᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ  ᠤᠯᠠᠮᠵᠢᠯᠡᠨ ᠵᠠᠯᠭᠠᠮᠵᠢᠯᠠᠬᠤ ᠶᠢ ᠴᠢᠬᠤᠯᠠᠴᠢᠯᠠᠵᠤ᠂  ᠠᠷᠤᠨ ᠬᠤᠰᠢᠭᠤᠨ ᠤ ᠥᠪᠡᠷᠮᠢᠴᠡ ᠷᠢᠳᠢ ᠰᠢᠳᠢ ᠶᠢ ᠢᠯᠡᠷᠡᠭᠦᠯᠦᠨ᠎ᠡ᠃ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ ᠰᠦᠯᠵᠢᠶᠡᠨ ᠤ ᠪᠠᠭᠠᠷ ᠵᠡᠷᠭᠡ ᠵᠤᠭ᠎ᠠ ᠴᠡᠩᠭᠡᠯ ᠤᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠣᠯᠣᠳᠤᠭᠠᠷ  ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠡᠷᠡᠰ ᠰᠠᠶᠢᠲᠤᠷ ᠬᠢᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ  ᠦᠷᠨᠢᠭᠦᠯᠵᠦ᠂ ᠱᠠᠯᠢᠭ ᠵᠠᠪᠬᠠᠶ ᠵᠦᠢᠯᠡᠰ ᠵᠣᠭᠤᠰ ᠮᠥᠷᠦ᠋ᠢᠴᠡᠬᠦ ᠬᠤᠤᠷᠲᠤ ᠡᠳ᠋ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠴᠢᠩᠭ᠎ᠠ ᠴᠣᠬᠢᠯᠲᠠ ᠦᠭᠭᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠳᠦᠷᠢᠮᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠵᠦᠶ ᠵᠣᠬᠢᠰᠲᠠᠶ ᠠᠰᠠᠭᠤᠳᠠᠯ ᠢ ᠲᠣᠬᠢᠲᠠᠶ  ᠰᠢᠢᠳᠪᠦᠷᠢᠯᠡᠵᠦ᠂ ᠵᠥᠷᠢᠴᠡᠯ ᠢ ᠦᠨᠳᠦᠰᠦᠨ ᠱᠠᠲᠤᠨ ᠳᠤ  ᠰᠢᠢᠳᠪᠦᠷᠢᠯᠡᠬᠦ ᠪᠠᠷ ᠴᠢᠷᠮᠠᠶᠢᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃  ᠬᠦᠭᠵᠢᠯᠲᠡ ᠶᠢᠨ ᠳᠤᠮᠳᠠ ᠠᠮᠤᠷ ᠲᠦᠪᠰᠢᠨ ᠢ ᠦᠷᠡᠭᠳᠡᠭᠦᠯᠬᠦ ᠪᠠᠷ  ᠤᠷᠢᠳᠠᠯ  ᠪᠣᠯᠭᠠᠵᠤ ᠶᠠᠭᠠᠬᠢᠭᠰᠠᠨ ᠴᠤ ᠪᠣᠯᠬᠤ ᠦᠭᠡᠢ ᠭᠡᠰᠡᠨ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ  ᠶᠢ ᠡᠷᠡᠰ ᠰᠡᠷᠭᠡᠶᠢᠯᠡᠨ ᠬᠤᠷᠢᠭᠯᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠭᠰᠡᠨ  ᠠᠰᠠᠭᠤᠳᠠᠯ ᠢ ᠲᠤᠰᠬᠠᠶ  ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ  ᠲᠠᠯ᠎ᠠ ᠪᠠᠷ ᠡᠬᠢᠯᠡᠭᠦᠯᠦᠨ᠎ᠡ᠃ ᠡᠭᠦᠨ ᠠᠴᠠ ᠭᠠᠳᠠᠨ᠎ᠠ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ᠂  ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠢᠭᠡᠳᠦᠮᠡᠯ ᠹᠷᠣᠨᠲ᠂ ᠴᠠᠭ ᠠᠭᠤᠷ᠂ ᠦᠨᠳᠦᠰᠦᠲᠡᠨ᠂ ᠤᠳᠬ᠎ᠠ ᠤᠷᠠᠯᠢᠭ  ᠤᠨ ᠬᠢᠨ ᠤ ᠬᠤᠯᠪᠣᠭ᠎ᠠ᠂ ᠠᠬᠠᠮᠠᠳ ᠠᠬᠢᠭᠤᠯᠬᠤ ᠡᠪᠯᠡᠯ᠂ ᠪᠣᠭᠤᠮᠲᠠ ᠶᠢᠨ ᠠᠵᠢᠯ ᠤᠨ ᠵᠥᠪᠯᠡᠯ᠂ ᠠᠵᠢᠯᠴᠢᠨ ᠤ ᠡᠪ ᠬᠠᠮᠲᠤ ᠵᠠᠯᠠᠭᠤᠴᠤᠳ ᠤᠨ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠢᠲᠠᠨ ᠵᠡᠷᠭᠡ ᠰᠠᠯᠠᠭ᠎ᠠ ᠮᠥᠴᠢᠷ ᠤᠨ ᠰᠢᠨ᠎ᠡ ᠶᠢ  ᠡᠭᠦᠳᠴᠦ᠂  ᠦᠢᠯᠡᠳᠦᠯ ᠢᠶᠠᠨ ᠪᠠᠳᠠᠷᠠᠭᠤᠯᠬᠤ ᠶᠢ ᠢᠳᠡᠪᠬᠢᠲᠡᠢ ᠳᠠᠮᠵᠢᠨ᠎ᠠ᠃     ︵ᠲᠤᠯᠤᠭ᠎ᠠ︶ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠳᠠᠭᠠᠨ ᠰᠠᠭᠤᠷᠢᠯᠠᠵᠤ᠂ ︽ᠰᠤᠷᠤᠯᠴᠠᠬᠤ ᠳᠤᠷᠠᠲᠠᠶ᠂ ᠵᠣᠪᠠᠭᠤᠷᠢ ᠵᠦᠳᠡᠭᠦᠷᠢ ᠶᠢ ᠠᠮᠰᠠᠵᠤ᠂ ᠲᠡᠷᠢᠭᠦᠨ ᠳᠤ ᠣᠷᠣᠬᠤ ᠪᠠᠷ ᠲᠡᠮᠡᠴᠡᠬᠦ︾  ᠠᠷᠤᠨ ᠬᠦᠮᠦᠨ ᠤ  ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠥᠭᠵᠢᠯᠲᠡ ᠶᠢᠨ ᠬᠦᠨᠳᠦ ᠡᠭᠦᠷᠭᠡ ᠶᠢ ᠦᠨᠡᠨ ᠬᠦ ᠡᠭᠦᠷᠭᠡᠯᠡᠪᠡ᠃ ᠨᠢᠭᠡ ᠳᠤ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠨ᠎ᠡ᠃ ᠥᠪᠡᠷᠲᠡᠭᠡᠨ ᠵᠠᠰᠠᠬᠤ ᠣᠷᠣᠨ᠂ ᠬᠥᠯᠥᠨ ᠪᠦᠷ ᠬᠤᠲᠠ ᠶᠢᠨ ᠨᠠᠮ ᠤᠨ ᠬᠤᠷᠢᠶᠠᠨ ᠤ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ  ᠬᠠᠷᠢᠭᠤᠴᠠᠯᠭ᠎ᠠ ᠶᠢᠨ ᠳᠦᠷᠢᠮ  ᠢ ᠴᠢᠩᠭ᠎ᠠ  ᠨᠠᠶᠢᠳᠠᠪᠤᠷᠢᠵᠢᠭᠤᠯᠬᠤ᠂  ᠨᠤᠲᠤᠭ ᠤᠰᠦ ᠪᠠᠨ ᠰᠠᠬᠢᠨ ᠬᠠᠮᠠᠭᠠᠯᠠᠬᠤ  ᠬᠠᠷᠢᠭᠤᠴᠠᠯᠭᠠᠲᠦ ᠠᠵᠢᠯ ᠢᠶᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠦᠨ᠎ᠡ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠪᠦᠬᠦ    ᠺᠠᠲᠡᠷᠴᠤᠳ ᠤᠨ ᠰᠤᠷᠤᠯᠴᠠᠬᠤ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠬᠠᠤᠯᠢ ᠪᠠᠷ ᠵᠠᠰᠠᠬᠤ ᠶᠢ ᠵᠢᠷᠤᠮᠯᠠᠨ ᠰᠠᠬᠢᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠪᠠᠷᠢᠮᠵᠢᠶ᠎ᠠ ᠪᠣᠯᠭᠠᠵᠤ᠂ ᠦᠨᠳᠦᠰᠦᠨ ᠬᠠᠤᠯᠢ ᠶᠢ ᠳᠡᠭᠡᠳᠦᠯᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠵᠠᠰᠠᠭ ᠤᠨ ᠣᠷᠳᠣᠨ ᠤ ᠰᠢᠰᠲ᠋ᠧᠮ ᠲᠠᠢ ᠵᠠᠰᠠᠬᠤ ᠴᠢᠳᠠᠪᠤᠷᠢ ᠪᠠ ᠵᠠᠰᠠᠬᠤ ᠰᠢᠰᠲ᠋ᠧᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠪᠣᠯᠤᠨ ᠶᠠᠷᠢᠶ᠎ᠠ ᠬᠡᠯᠡᠯᠴᠡᠭᠡᠨ ᠤ ᠬᠢᠨᠠᠯᠲᠠ  ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠭᠤᠷᠪᠠᠨ ᠴᠢᠬᠤᠯᠠ ᠨᠢᠭᠡ ᠶᠡᠭᠡ ᠬᠠᠮᠲᠤ ᠶᠢᠨ ᠰᠤᠳᠤᠯᠭᠠᠨ ᠤ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠴᠢᠩᠬ᠎ᠠ ᠨᠠᠶᠢᠳᠠᠪᠤᠷᠢᠵᠢᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠡᠭᠦᠷᠭᠡ ᠲᠤᠰᠢᠶᠠᠯ ᠢᠶᠠᠨ ᠴᠢᠷᠮᠠᠶᠢᠨ  ᠭᠦᠢᠴᠡᠳᠭᠡᠨ᠎ᠡ᠃ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠬᠤᠯᠠ ᠪᠤᠰᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ︽ᠦᠨᠳᠦᠰᠦᠨ ᠱᠠᠲᠤᠨ ᠤ ᠳᠠᠷᠤᠭᠠᠰᠤ ᠬᠥᠩᠭᠡᠯᠡᠬᠦ  ᠵᠢᠯ︾  ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠡᠯᠪᠡᠷᠢᠴᠢ ᠦᠵᠡᠯ  ᠢ  ᠢᠯᠠᠨ ᠳᠠᠪᠠᠵᠦ᠂  ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ ᠠᠯᠬᠤᠮ ᠴᠤᠮᠬᠠᠳᠬᠠᠨ ᠪᠠᠭᠠᠰᠬᠠᠵᠦ᠂ ᠦᠨᠳᠦᠰᠦᠨ ᠱᠠᠲᠤᠨ ᠤ ᠺᠠᠳ᠋ᠷ ᠢ ᠪᠡᠶ᠎ᠡ ᠬᠦᠩᠭᠡᠨ ᠢᠶᠠᠷ ᠪᠠᠶᠢᠯᠳᠤᠭᠠᠨ ᠳᠤ ᠤᠷᠤᠯᠴᠠᠭᠤᠯᠵᠦ᠂ ᠭᠤᠤᠯ ᠴᠠᠭ ᠪᠠ ᠣᠶᠤᠨ ᠴᠢᠳᠠᠯ ᠢᠶᠠᠨ ᠠᠷᠠᠳ ᠲᠦᠮᠡᠨ ᠳᠤ  ᠦᠢᠯᠡᠴᠢᠯᠡᠬᠦ ᠂ ᠠᠵᠢᠯ ᠬᠢᠵᠦ ᠠᠳᠠᠯ  ᠦᠢᠯᠡᠰ ᠴᠣᠭᠴᠠᠯᠠᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠬᠦ ᠬᠡᠷᠡᠭᠲᠡᠶ᠃ ᠳᠥᠷᠪᠡ ᠳᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠠᠷᠢᠭᠤᠨ ᠴᠢᠬᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ  ᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠤ ᠳᠦᠷᠢ ᠲᠥᠷᠬᠦ ᠶᠢ ᠪᠤᠢ ᠪᠣᠯᠭᠠᠨ᠎ᠠ᠃       ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠬᠥᠯᠥᠨ  ᠪᠦᠢᠷ ᠬᠤᠲᠠ ᠶᠢᠨ ᠨᠠᠮ ᠤᠨ ᠬᠤᠷᠢᠶᠠᠨ ᠤ ᠵᠠᠰᠠᠭ ᠤᠨ ᠣᠷᠳᠣᠨ ᠪᠣᠯᠤᠨ  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠴᠢᠨᠡᠭᠡᠯᠢᠭ ᠨᠡᠶᠢᠭᠡᠮ‌ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂  ᠬᠢᠩᠭᠠᠨ‌‍ᠲ᠋ᠠᠪᠠᠭᠠᠨ ᠤ ᠵᠡᠭᠦᠨᠳᠡᠬᠢ ᠬᠦᠴᠦᠷᠬᠡᠭ ᠬᠤᠰᠢᠭᠤ ᠶᠢ ᠪᠠᠶᠢᠭᠤᠯᠬᠤ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ