@ ᠥᠪᠥᠷ ᠮᠣᠩᠭᠤᠯ ᠤᠨ ᠰᠠᠭᠤᠭᠠᠯᠢ ᠠᠷᠠᠳ ᠣᠨᠳᠣᠣ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠪᠠᠨ ᠠᠩᠬᠠᠷᠤᠭᠠᠷᠠᠢ
ᠨᠡᠶᠢᠲᠡᠯᠡᠭᠰᠡᠨ ᠴᠠᠭ᠄
2024/10/24
    ᠤᠶᠤᠲᠠᠳ ᠤᠨ ᠠᠵᠢᠯ ᠤᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠤ ᠭᠠᠵᠠᠷ ᠲᠤ ᠠᠵᠢᠯ ᠣᠯᠤᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ ᠪᠠᠶᠢᠳᠠᠯ ᠠᠴᠠ ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠣᠭᠠᠬᠤ ᠴᠢᠬᠤᠯᠠᠲᠠᠶ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠶᠢ ᠭᠦᠢᠴᠡᠳᠭᠡᠵᠦ ᠪᠣᠯᠤᠨ᠎ᠠ᠃    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ ᠴᠤᠪᠤᠷᠠᠯ    ᠭᠦᠢᠴᠡᠳᠬᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App — ᠥᠪᠥᠷ ᠮᠣᠩᠭᠤᠯ ᠲᠤᠰᠬᠠᠶ ᠲᠣᠭᠤᠷᠢᠭ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠤᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃    ᠠᠯᠬᠤᠮ ᠨᠢᠭᠡ    ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠬᠤ︾ ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃ 
1.jpg 
2.jpg
     ᠠᠯᠬᠤᠮ ᠬᠤᠶᠠᠷ    ᠬᠤᠪᠢ ᠬᠦᠮᠦᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃ 
 3.jpg
     ᠠᠯᠬᠤᠮ ᠭᠤᠷᠪᠠ    ︽ᠲᠦᠷ ᠵᠣᠭᠰᠣᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃ 
 4.jpg
     ᠠᠯᠬᠤᠮ ᠳᠥᠷᠪᠡ    ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ ᠬᠠᠷᠭᠤᠭᠤᠯᠬᠤ ᠴᠢᠬᠤᠯᠠ ᠦᠭᠡᠢ᠃ 
 5.jpg
     ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ ᠭᠡᠵᠦ ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠡᠩᠰᠡᠯᠡᠯᠲᠡ ᠪᠠᠨ ᠭᠦᠢᠴᠡᠳᠬᠡᠨ᠎ᠡ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ