ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠲᠦᠷᠦᠭᠦᠦ ᠭᠤᠷᠪᠠᠨ ᠤᠯᠠᠷᠢᠯ ᠳᠤ ᠤᠷᠤᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 17876 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ | ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ | ᠨᠢᠭᠡ᠂ ᠨᠢᠭᠡᠳᠦᠭᠡᠷ ᠠᠵᠤ ᠦᠢᠯᠡᠰ ᠲᠣᠭᠲᠠᠭᠤᠨ ᠤ ᠳᠤᠮᠳᠠ ᠰᠠᠶᠢᠵᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠢᠭᠡᠳᠦᠭᠡᠷ ᠠᠵᠤ | ᠦᠢᠯᠡᠰ 846 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠦ᠂ ᠪᠥᠬᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.9 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠶᠢᠨ 4.7% ᠶᠢ ᠡᠵᠡᠯᠡᠵᠦ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 5. 4% ᠪᠠᠶᠢᠵᠤ᠂ ᠠᠵᠤ ᠠᠬᠤᠶ ᠶᠢᠨ ᠨᠡᠮᠡᠭᠳᠡᠯ ᠢ 0.3 ᠵᠠᠭᠤᠨ ᠤ ᠬᠤᠪᠢ ᠶᠢᠨ | ᠴᠡᠭ ᠳᠠᠶᠢᠴᠢᠯᠠᠪᠠ᠃ | ᠬᠤᠶᠠᠷ᠂ ᠬᠤᠶᠠᠳᠤᠭᠠᠷ ᠠᠵᠤ ᠦᠢᠯᠡᠰ ᠤᠨ ᠬᠥᠭᠵᠢᠯᠲᠡ ᠲᠣᠭᠲᠠᠭᠤᠨ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠤᠶᠠᠳᠤᠭᠠᠷ ᠠᠵᠤ | ᠦᠢᠯᠡᠰ 9013 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠪᠥᠬᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠶᠢᠨ 50. 4% ᠶᠢ ᠡᠵᠡᠯᠡᠵᠦ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 56.5% ᠪᠠᠶᠢᠵᠤ᠂ ᠠᠵᠤ ᠠᠬᠤᠶ ᠶᠢᠨ ᠨᠡᠮᠡᠭᠳᠡᠯ ᠢ 3.3 ᠵᠠᠭᠤᠨ ᠤ ᠬᠤᠪᠢ ᠶᠢᠨ | ᠴᠡᠭ ᠳᠠᠶᠢᠴᠢᠯᠠᠪᠠ᠃ ᠡᠭᠦᠨ ᠳᠤ᠂ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 7.0% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 42.5% ᠪᠣᠯᠵᠠᠶ︔ | ᠪᠠᠷᠢᠯᠭ᠎ᠠ ᠶᠢᠨ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠵᠦ᠂ | ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 13.9% ᠪᠣᠯᠵᠠᠶ᠃ | ᠭᠤᠷᠪᠠ᠂ ᠭᠤᠷᠪᠠᠳᠤᠭᠠᠷ ᠠᠵᠤ ᠦᠢᠯᠡᠰ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠭᠤᠷᠪᠠᠳᠤᠭᠠᠷ | ᠠᠵᠤ ᠦᠢᠯᠡᠰ 8017 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ | GDP ᠶᠢᠨ 44. 8% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 38.2% ᠪᠠᠶᠢᠵᠤ᠂ ᠠᠵᠤ | ᠠᠬᠤᠶ ᠶᠢᠨ ᠨᠡᠮᠡᠭᠳᠡᠯ ᠢ 2.2 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠠᠵᠢᠯ ᠲᠥᠷᠥᠯ ᠨᠡᠯᠢᠶᠡᠳ | ᠲᠦᠷᠭᠡᠨ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 15.3% ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ | ᠬᠤᠭᠤᠴᠠᠭᠠᠨ ᠤ ᠬᠢ ᠠᠴᠠ 17.8% ᠨᠡᠮᠡᠭᠳᠡᠪᠡ᠃ | |