ᠵᠠᠩ ᠸᠧᠨ ᠵᠢᠶᠦ᠋ᠨ᠄ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠡᠨᠧᠷᠭᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/10/26
    2024 ᠣᠨ ᠤ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠲᠤ ᠲᠡᠷᠢᠭᠦᠯᠡᠵᠦ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠪᠠᠶᠢᠳᠠᠯ ᠲᠣᠭᠲᠠᠭᠤᠨ ᠪᠠᠶᠢᠨ᠎ᠠ᠃    ᠨᠢᠭᠡ᠂ ᠨᠡᠭᠦᠷᠡᠰᠦᠨ ᠤ ᠭᠠᠷᠤᠯᠲᠠ ᠲᠦᠷᠭᠡᠨ ᠨᠡᠮᠡᠭᠳᠡᠵᠦ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 9. 5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-8 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ 9 ᠰᠠᠷ᠎ᠠ ᠳᠤ ᠨᠡᠭᠦᠷᠡᠰᠦᠨ ᠤ ᠭᠠᠷᠤᠯᠲᠠ 1.09 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃    ᠨᠡᠭᠦᠷᠡᠰᠦᠨ ᠤ ᠭᠤᠣᠯ ᠭᠠᠷᠤᠯᠲᠠ ᠶᠢᠨ ᠣᠷᠣᠨ ᠲᠣᠭᠲᠠᠭᠤᠨ ᠢᠶᠠᠷ ᠨᠡᠮᠡᠭᠳᠡᠪᠡ᠃ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 6.52 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.07 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ ᠬᠤᠶᠠᠷ ᠠᠶᠢᠮᠠᠭ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠪᠥᠬᠦ ᠣᠷᠣᠨ ᠤ 79.9% ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢ ᠨᠡᠶᠢᠲᠡ 4.5 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ᠃    ᠬᠤᠶᠠᠷ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9. 6% ᠪᠠᠷ ᠨᠡᠮᠡᠭᠳᠡᠪᠡ᠃ ᠡᠭᠦᠨ ᠳᠤ᠂ 9 ᠰᠠᠷ᠎ᠠ ᠳᠤ ᠴᠠᠬᠢᠯᠭᠠᠨ ᠭᠠᠷᠭᠠᠭᠰᠠᠨ ᠬᠡᠮᠵᠢᠶ᠎ᠡ 629.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠪᠡ᠃    ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1347.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 13.9 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 20.9% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 230.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 41.9% ᠪᠠᠷ ᠨᠡᠮᠡᠭᠳᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ