ᠯᠢ ᠨᠠᠨ᠄ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠤ ᠳᠤᠮᠳᠠ ᠳᠡᠭᠡᠭᠰᠢᠯᠡᠪᠡ
ᠨᠡᠶᠢᠲᠡᠯᠡᠭᠰᠡᠨ ᠴᠠᠭ᠄
2024/10/26
    ᠡᠨᠡ ᠵᠢᠯ ᠠᠴᠠ ᠨᠠᠭᠠᠰᠢ᠂ ᠮᠠᠨ ᠤ ᠣᠷᠣᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃    ᠨᠢᠭᠡᠳᠦᠭᠡᠷ ᠲᠤ᠂ ᠴᠢᠬᠤᠯᠠ ᠶᠡᠭᠡ ᠲᠦᠷᠦᠯ ᠵᠦᠢᠯ ᠤᠨ ᠬᠤᠪᠢ ᠨᠡᠮᠡᠷᠢ ᠲᠤᠪᠤᠶᠢᠮ᠎ᠠ ᠪᠠᠶᠢᠨ᠎ᠠ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 2812 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 175 ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 13.4% ᠪᠠᠷ ᠪᠡᠶᠡᠯᠡᠭᠦᠯᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 90% ᠰᠢᠬᠠᠮ ᠪᠣᠯᠵᠠᠶ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠪᠠᠯᠠ ᠣᠷᠣᠭᠤᠯᠤᠯᠲᠠ ᠶᠢᠨ ᠲᠥᠷᠥᠯ ᠵᠦᠢᠯ 567 ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 23.7% ᠳᠤ ᠬᠦᠷᠴᠡᠶ᠃    ᠬᠤᠶᠠᠳᠤᠭᠠᠷ ᠲᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 2.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 4.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ︽ᠳᠤᠯᠠᠭᠠᠨ ᠬᠠᠯᠠᠮᠵᠢ ᠶᠢᠨ ᠢᠨᠵᠧᠨᠧᠷᠢᠩ︾ ᠤᠨ ᠬᠡᠷᠡᠭᠵᠢᠭᠦᠯᠦᠯᠲᠡ ᠶᠢᠨ ᠳᠠᠶᠢᠴᠢᠯᠠᠯᠲᠠ ᠳᠤᠤᠷ᠎ᠠ᠂ ᠪᠥᠬᠦ ᠣᠷᠣᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ 21.1% ᠪᠠᠷ ᠨᠡᠮᠡᠭᠳᠡᠪᠡ᠃    ᠭᠤᠷᠪᠠᠳᠤᠭᠠᠷ ᠲᠤ᠂ ︽ᠬᠤᠶᠠᠷ ᠰᠢᠨ᠎ᠡ︾ ᠲᠦᠷᠦ ᠶᠢᠨ ᠪᠤᠳᠤᠯᠭ᠎ᠠ ᠶᠢ ᠲᠦᠷᠭᠡᠯᠡᠨ ᠠᠬᠢᠭᠤᠯᠪᠠ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ 119 ᠰᠢᠨ᠎ᠡ ᠪᠠᠷ ᠨᠡᠮᠡᠭᠳᠡᠵᠦ᠂ ᠲᠤᠭ᠎ᠠ ᠬᠡᠮᠵᠢᠶ᠎ᠡ ᠶᠢᠨ ᠪᠥᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠳᠠᠬᠢ ᠡᠵᠡᠯᠡᠬᠦ ᠬᠤᠪᠢ ᠶᠢᠨ ᠵᠢᠩ ᠨᠢ 60% ᠶᠢ ᠳᠠᠪᠠᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 1 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ᠃ ᠡᠭᠦᠨ ᠳᠤ ᠦᠢᠯᠡᠳᠬᠦ ᠦᠢᠯᠡᠰ ᠪᠠ ᠠᠭᠤᠷᠬᠠᠶ ᠮᠠᠯᠲᠠᠬᠤ ᠦᠢᠯᠡᠰ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠪᠥᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠤᠨ ᠳᠣᠲᠣᠷ᠎ᠠ ᠨᠡᠶᠢᠲᠡ ᠡᠵᠡᠯᠡᠬᠦ ᠬᠤᠪᠢ ᠶᠢᠨ ᠵᠢᠩ ᠨᠢ ᠬᠠᠭᠠᠰ ᠠᠴᠠ ᠳᠠᠪᠠᠭᠰᠠᠨ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ