9 ᠳ᠋ᠤᠭᠡᠷ ᠰᠠᠷ᠎ᠠ ᠳᠤ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠲᠦᠷᠭᠡᠳᠪᠡ
ᠨᠡᠶᠢᠲᠡᠯᠡᠭᠰᠡᠨ ᠴᠠᠭ᠄
2024/10/26
    1 — 9 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 9.50 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠂ ᠡᠭᠦᠨ ᠳᠤ 9 ᠳ᠋ᠤᠭᠡᠷ ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ 1.09 ᠳ᠋ᠦᠩᠰᠢᠭᠤᠷ ᠲᠣᠨ ᠳᠤ ᠬᠦᠷᠴᠦ᠂ 6.7% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 4.5 ᠵᠠᠭᠤᠨ ᠤ ᠬᠤᠪᠢ ᠶᠢᠨ ᠴᠡᠭ ᠲᠦᠷᠭᠡᠳᠪᠡ᠃ ᠣᠷᠣᠨ ᠤ ᠳᠣᠲᠣᠷᠠᠬᠢ ᠭᠤᠷᠪᠠᠨ ᠶᠡᠭᠡ ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠳᠣᠲᠣᠷ᠎ᠠ᠂ ᠣᠷᠳᠣᠰ ᠬᠤᠲᠠ ᠶᠢᠨ ᠳᠠᠶᠢᠴᠢᠯᠠᠬᠤ ᠦᠢᠯᠡᠳᠦᠯ ᠢᠯᠡᠷᠬᠡᠶ ᠪᠠᠶᠢᠵᠤ᠂ 1-9 ᠳ᠋ᠤᠭᠡᠷ ᠰᠠᠷ᠎ᠠ ᠳᠤ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 6.52 ᠳ᠋ᠦᠩᠰᠢᠭᠤᠷ ᠲᠣᠨ ᠪᠠᠶᠢᠵᠤ᠂ 5.3% ᠪᠠᠷ ᠨᠡᠮᠡᠭᠳᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ 68.7% ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ 3.6 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ 1.07 ᠳ᠋ᠦᠩᠰᠢᠭᠤᠷ ᠲᠣᠨ ᠳᠤ ᠬᠦᠷᠴᠦ᠂ 7.8% ᠪᠠᠷ ᠨᠡᠮᠡᠭᠳᠡᠵᠦ᠂ ᠪᠦᠬᠦ ᠣᠷᠣᠨ ᠤ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.9 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ︔ ᠬᠥᠯᠥᠨ ᠪᠤᠶᠢᠷ ᠬᠤᠲᠠ ᠶᠢᠨ ᠨᠡᠭᠦᠷᠡᠰᠦᠨ ᠤ ᠭᠠᠷᠤᠯᠲᠠ 3.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-8 ᠳ᠋ᠤᠭᠠᠷ ᠰᠠᠷ᠎ᠠ ᠶᠢᠨ ᠬᠢ ᠲᠠᠢ ᠲᠡᠩᠴᠡᠪᠡ᠃ 
ᠢᠷᠡᠯᠲᠡ᠄ ᠲᠣᠲᠣᠷᠬᠠᠢ ᠦᠭᠡᠢ