ᠣᠯᠠᠨ ᠭᠠᠵᠠᠷ ᠤᠨ ᠬᠢᠨ᠄ ᠰᠤᠷᠭᠠᠭᠤᠯᠢ ᠡᠬᠢᠯᠡᠬᠦ ᠴᠠᠭ ᠢ ᠬᠤᠶᠢᠰᠢᠯᠠᠭᠤᠯᠬᠤ ᠪᠠᠷ ᠮᠡᠳᠡᠭᠳᠡᠯ ᠨᠡᠶᠢᠳᠡᠯᠡᠪᠡ︕
ᠨᠡᠶᠢᠲᠡᠯᠡᠭᠰᠡᠨ ᠴᠠᠭ᠄
2024/10/28
    ᠣᠶᠢᠷ᠎ᠠ ᠳᠤ ᠰᠧᠴᠤᠸᠠᠨ᠂ ᠴᠦᠩᠴᠢᠩ ᠳᠤ ᠥᠨᠳᠥᠷ ᠬᠠᠯᠠᠭᠤᠨ ᠦᠷᠭᠦᠯᠵᠢᠯᠡᠭᠰᠡᠨ ᠠᠴᠠ ᠪᠤᠯᠵᠤ ᠰᠤᠷᠭᠠᠭᠤᠯᠢ ᠡᠬᠢᠯᠡᠬᠦ ᠤᠶᠢᠷᠠᠳᠬᠤ ᠳᠤ ᠣᠯᠠᠨ ᠭᠠᠵᠠᠷ ᠤᠨ ᠬᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠶᠢ ᠬᠤᠶᠢᠰᠢᠯᠠᠭᠤᠯᠤᠨ ᠰᠤᠷᠭᠠᠭᠤᠯᠢ ᠡᠬᠢᠯᠡᠬᠦ ᠮᠡᠳᠡᠭᠳᠡᠯ ᠨᠡᠶᠢᠲᠡᠯᠡᠪᠡ᠃    ᠽᠢᠭᠦ᠋ᠩ ᠬᠤᠲᠠ ᠶᠢᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠬᠡᠦᠬᠡᠳ ᠤᠨ ᠴᠡᠴᠡᠷᠯᠢᠭ 9 ᠰᠠᠷ᠎ᠠ ᠶᠢᠨ 7 ᠤ ᠡᠳᠦᠷ ᠨᠡᠷ᠎ᠡ ᠮᠡᠳᠡᠭᠦᠯᠵᠦ᠂ 9 ᠰᠠᠷ᠎ᠠ ᠶᠢᠨ 9 ᠤ ᠡᠳᠦᠷ ᠵᠢᠩᠬᠢᠨᠢ ᠪᠠᠷ ᠬᠢᠴᠢᠶᠡᠯ ᠣᠷᠣᠬᠤ ᠪᠠᠷ ᠲᠥᠯᠥᠪᠯᠡᠵᠦ ᠪᠣᠶ᠃    ᠯᠧᠱᠠᠨ ᠬᠤᠲᠠ ᠶᠢᠨ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠪᠤᠯ 9 ᠰᠠᠷ᠎ᠠ ᠶᠢᠨ 2 ᠤᠨ ᠡᠳᠦᠷ ᠠᠴᠠ 9 ᠰᠠᠷ᠎ᠠ ᠶᠢᠨ 6 ᠤ ᠡᠳᠦᠷ ᠪᠣᠯᠲᠠᠯ᠎ᠠ ᠨᠡᠷ᠎ᠡ ᠮᠡᠳᠡᠭᠦᠯᠵᠦ᠂ ᠵᠢᠩᠬᠢᠨᠢ ᠪᠠᠷ ᠬᠢᠴᠢᠶᠡᠯ ᠣᠷᠣᠬᠤ ᠴᠠᠭ ᠢ ᠡᠯ᠎ᠡ ᠰᠢᠶᠠᠨ ︵ᠬᠤᠲᠠ᠂ ᠲᠣᠭᠤᠷᠢᠭ︶᠂ ᠡᠯ᠎ᠡ ᠰᠤᠷᠭᠠᠭᠤᠯᠢ ᠴᠠᠭ ᠠᠭᠤᠷ ᠤᠨ ᠪᠠᠶᠢᠳᠠᠯ ᠪᠠ ᠰᠤᠷᠭᠠᠭᠤᠯᠢ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠰᠦᠪᠡᠨ ᠲᠣᠬᠢᠷᠠᠭᠤᠯᠤᠨ᠎ᠠ᠃    ᠨᠠᠨ ᠴᠥᠩ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ 9 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠨᠡᠷ᠎ᠡ ᠮᠡᠳᠡᠭᠦᠯᠤᠨ ᠳᠠᠩᠰᠠᠯᠠᠭᠤᠯᠵᠤ᠂ 9 ᠰᠠᠷ᠎ᠠ ᠶᠢᠨ 9 ᠤ ᠡᠳᠦᠷ ᠵᠢᠩᠬᠢᠨᠢ ᠪᠠᠷ ᠬᠢᠴᠢᠶᠡᠯ ᠣᠷᠣᠨ᠎ᠠ᠃    ᠰᠦᠢᠨᠢᠩ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ 9 ᠰᠠᠷ᠎ᠠ ᠶᠢᠨ 8 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ ᠳᠠᠩᠰᠠᠯᠠᠭᠤᠯᠵᠤ᠂ 9 ᠰᠠᠷ᠎ᠠ ᠶᠢᠨ 9 ᠤ ᠡᠳᠦᠷ ᠵᠢᠩᠬᠢᠨᠢ ᠪᠠᠷ ᠬᠢᠴᠢᠶᠡᠯ ᠣᠷᠣᠨ᠎ᠠ᠃    ᠯᠦᠵᠸᠦ ᠬᠤᠲᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ 9 ᠰᠠᠷ᠎ᠠ ᠶᠢᠨ 7 ᠠᠴᠠ 8 ᠤ ᠡᠳᠦᠷ ᠪᠣᠯᠲᠠᠯ᠎ᠠ ᠨᠡᠷ᠎ᠡ ᠮᠡᠳᠡᠭᠦᠯᠵᠦ᠂ 9 ᠰᠠᠷ᠎ᠠ ᠶᠢᠨ 9 ᠤ ᠡᠳᠦᠷ ᠵᠢᠩᠬᠢᠨᠢ ᠪᠠᠷ ᠬᠢᠴᠢᠶᠡᠯ ᠣᠷᠣᠨ᠎ᠠ᠃    ᠽᠢᠶᠠᠩ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ 9 ᠰᠠᠷ᠎ᠠ ᠶᠢᠨ 7 ᠠᠴᠠ 8 ᠤ ᠡᠳᠦᠷ ᠪᠣᠯᠲᠠᠯ᠎ᠠ ᠨᠡᠷ᠎ᠡ ᠮᠡᠳᠡᠭᠦᠯᠵᠦ᠂ 9 ᠰᠠᠷ᠎ᠠ ᠶᠢᠨ 9 ᠤ ᠡᠳᠦᠷ ᠵᠢᠩᠬᠢᠨᠢ ᠪᠠᠷ ᠬᠢᠴᠢᠶᠡᠯ ᠣᠷᠣᠨ᠎ᠠ᠃    ᠴᠦᠩᠴᠢᠩ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ︵ᠬᠡᠦᠬᠡᠳ ᠤᠨ ᠴᠡᠴᠡᠷᠯᠢᠭ︶ ᠤᠨ ᠵᠢᠩᠭᠢᠨᠢ ᠪᠠᠷ ᠰᠤᠷᠭᠠᠭᠤᠯᠢ ᠡᠬᠢᠯᠡᠬᠦ ᠴᠠᠭ ᠢ 9 ᠰᠠᠷ᠎ᠠ ᠶᠢᠨ 9 ᠤ ᠡᠳᠦᠷ ︵ᠭᠠᠷᠠᠭ ᠤᠨ ᠨᠢᠭᠡᠨ︶ ᠪᠤᠯᠭᠠᠨ ᠲᠣᠬᠢᠷᠠᠭᠤᠯᠪᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ