ᠲᠦᠷᠦᠭᠦᠦ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠭᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 6 . 5 % ᠪᠠᠷ ᠨᠡᠮᠡᠭᠳᠡᠵᠦ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ ᠪᠠ ᠵᠢᠭᠠᠰᠤᠨ ᠠᠵᠤ ᠠᠬᠤᠶ ᠶᠢᠨ | ᠦᠢᠯᠡᠳᠭᠦᠨ ᠤ ᠥᠷᠲᠡᠭ ᠲᠣᠰ ᠲᠣᠰ 1 . 4 %᠂ 11 . 7 %᠂ 6 . 5 % ᠪᠠ 6 . 5 % ᠪᠠᠷ ᠨᠡᠮᠡᠭᠳᠡᠪᠡ᠃ ᠠᠮᠤ ᠪᠤᠳᠠᠭᠠᠨ ᠤ ᠨᠠᠮᠤᠷ ᠤᠨ | ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠦᠬᠦ ᠵᠢᠯ ᠳᠤ ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠠᠶᠢᠨ᠎ᠠ᠃ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠮᠢᠬᠠᠨ ᠤ ᠭᠠᠷᠤᠯᠲᠠ 2 . 37 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 20 . 1 % ᠪᠠᠷ ᠨᠡᠮᠡᠭᠳᠡᠪᠡ︔ ᠥᠨᠳᠡᠭᠡᠨ ᠤ ᠭᠠᠷᠤᠯᠲᠠ 0 . 34 ᠲᠦᠮᠡᠨ ᠲᠣᠨ ᠳᠤ ᠬᠦᠷᠴᠦ᠂ 21 . 4 % ᠪᠠᠷ ᠨᠡᠮᠡᠭᠳᠡᠪᠡ︔ ᠰᠦ ᠶᠢᠨ ᠭᠠᠷᠤᠯᠲᠠ | ᠨᠡᠶᠢᠲᠡ 28 . 25 ᠲᠦᠮᠡᠨ ᠲᠣᠨ ᠳᠤ ᠬᠦᠷᠴᠦ᠂ 25 . 9 % ᠪᠠᠷ ᠨᠡᠮᠡᠭᠳᠡᠪᠡ᠃ | |