2024 ᠣᠨ ᠤ 1 ᠰᠠᠷ᠎ᠠ ᠠᠴᠠ 9 ᠰᠠᠷ᠎ᠠ ᠪᠣᠯᠲᠠᠯ᠎ᠠ ᠠᠷᠤᠨ ᠬᠤᠰᠢᠭᠤᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/31
    ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠲᠦᠷᠦᠭᠦᠦ ᠭᠤᠷᠪᠠᠨ ᠤᠯᠠᠷᠢᠯ ᠳᠤ᠂ ᠠᠷᠤᠨ ᠬᠤᠰᠢᠭᠤ 607774 ᠲᠦᠮᠡᠨ ᠲᠥᠭᠦᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4 . 5 % ᠪᠠᠷ ᠨᠡᠮᠡᠭᠳᠡᠪᠡ᠂ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 96301 ᠲᠦᠮᠡᠨ ᠲᠥᠭᠦᠷᠢᠭ ᠲᠤ ᠬᠦᠷᠴᠦ᠂ 5 . 9 % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 168689 ᠲᠦᠮᠡᠨ ᠲᠥᠭᠦᠷᠢᠭ ᠲᠤ ᠬᠦᠷᠴᠦ᠂ 7 . 2 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 342784 ᠲᠦᠮᠡᠨ ᠲᠥᠭᠦᠷᠢᠭ ᠲᠤ ᠬᠦᠷᠴᠦ᠂ 3 . 1 % ᠪᠠᠷ ᠨᠡᠮᠡᠭᠳᠡᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ 15 . 5 % ᠪᠠᠷ ᠨᠡᠮᠡᠭᠳᠡᠪᠡ᠃    ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 161037 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 8 % ᠪᠠᠷ ᠨᠡᠮᠡᠭᠳᠡᠪᠡ᠃    ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 265859 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11 . 6 % ᠪᠠᠷ ᠪᠠᠭᠤᠷᠠᠪᠠ᠃ ᠡᠭᠦᠨ ᠳᠤ᠂ ᠬᠤᠲᠠ ᠪᠠᠯᠭᠠᠰᠤᠨ ᠤ ᠪᠠᠯᠠ ᠣᠷᠣᠭᠤᠯᠤᠯᠲᠠ 219544 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12 . 0 % ᠢᠶᠠᠷ ᠪᠠᠭᠤᠷᠠᠪᠠ᠃    ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ 170134 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8 . 8 % ᠪᠠᠷ ᠨᠡᠮᠡᠭᠳᠡᠪᠡ᠃    ᠪᠥᠬᠦ ᠬᠤᠰᠢᠭᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 30101 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 2 . 2 % ᠢᠶᠠᠷ ᠪᠠᠭᠤᠷᠠᠪᠠ︔ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 288772 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 9 . 5 % ᠪᠠᠷ ᠪᠠᠭᠤᠷᠠᠪᠠ᠃    9 ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 1905960 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21 . 3 % ᠪᠠᠷ ᠨᠡᠮᠡᠭᠳᠡᠪᠡ᠂ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 1592611 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 . 7 % ᠪᠠᠷ ᠨᠡᠮᠡᠭᠳᠡᠪᠡ︔ ᠪᠠᠩᠬᠢ ᠶᠢᠨ ᠵᠢᠭᠡᠯᠡᠯᠭᠡ ᠶᠢᠨ ᠦᠯᠡᠳᠡᠪᠦᠷᠢ 1288364 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16 . 8 % ᠪᠠᠷ ᠨᠡᠮᠡᠭᠳᠡᠪᠡ᠃    ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25162 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3 . 8 % ᠪᠠᠷ ᠨᠡᠮᠡᠭᠳᠡᠪᠡ︔ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31616 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 5 % ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23789 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 8 % ᠨᠡᠮᠡᠭᠳᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ