11 ᠳ᠋ᠦ᠋ᠭᠡᠷ ᠰᠠᠷ᠎ᠠ ᠶᠢᠨ 5 ᠤ ᠡᠳᠦᠷ᠂ ᠰᠤᠷᠪᠤᠯᠵᠢᠯᠠᠭᠴᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ 1 - 9 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 7.2% ᠢᠶᠠᠷ ᠨᠡᠮᠡᠭᠳᠡᠵᠦ᠂ ᠪᠥᠬᠦ ᠵᠢᠯ ᠤᠨ ᠵᠢᠱᠢᠭᠰᠡᠨ ᠬᠠᠷᠠᠯᠲᠠ ᠠᠴᠠ ᠪᠠᠨ ᠥᠨᠳᠥᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 4004 ᠡᠷᠦᠬᠡ ᠪᠣᠯᠵᠤ᠂ ᠵᠢᠯ ᠤᠨ ᠵᠢᠱᠢᠭᠰᠡᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠵᠦ᠂ ᠠᠵᠤ ᠦᠢᠯᠡᠳᠪᠦᠷᠢ ᠶᠢᠨ | ᠪᠡᠯᠡ ᠣᠷᠣᠭᠤᠯᠤᠯᠲᠠ 12.2% ᠢᠶᠠᠷ ᠨᠡᠮᠡᠭᠳᠡᠨ᠂ ᠪᠡᠯᠡ ᠣᠷᠣᠭᠤᠯᠤᠯᠲᠠ ᠶᠢᠨ ᠵᠣᠭᠤᠰᠤᠨ ᠤ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ 82.4% ᠶᠢ | ᠪᠡᠶᠡᠯᠡᠭᠦᠯᠵᠡᠢ᠃ | | | | | | |