ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠢᠩᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶ᠋ᠯᠡᠳᠦᠯᠭᠡ ᠶᠢᠨ ᠭᠠᠵᠠᠷ ᠡᠯ᠎ᠡ ᠲᠣᠰᠬᠤᠨ᠂ ᠨᠡᠶᠢᠭᠡᠮ ᠲᠣᠭᠤᠷᠢᠭ ᠲᠠᠢ ᠬᠠᠮᠲᠤᠷᠠᠨ ︽ᠪᠢᠴᠢᠭ ᠤᠨ ᠰᠤᠷᠪᠤᠯᠵᠢᠲᠤ ᠬᠥᠳᠡᠭᠡ ᠲᠣᠰᠬᠤᠨ | ᠰᠣᠶᠣᠯ ᠢᠶᠠᠷ ᠰᠡᠳᠬᠢᠯ ᠢ ᠤᠮᠳᠠᠯᠠᠬᠤ︾ ᠭᠤᠤᠯ ᠰᠡᠳᠦᠪᠲᠦ ᠪᠢᠴᠢᠭ ᠤᠨ ᠰᠤᠷᠪᠤᠯᠵᠢᠲᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠪᠤᠭᠤᠷᠤᠯᠴᠤᠳ︾ ᠤᠨ | ᠤᠩᠰᠢᠯᠭ᠎ᠠ ᠪᠠᠷ ᠬᠥᠳᠡᠭᠡ ᠲᠣᠰᠬᠤᠨ ᠤ ᠰᠣᠶᠣᠯ ᠤᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠬᠤ ᠶᠢ ᠠᠬᠢᠭᠤᠯᠵᠤ᠂ ︽ᠨᠣᠮ ᠤᠩᠰᠢᠬᠤ ᠳᠤᠷᠠᠲᠠᠶ᠂ | ᠰᠠᠶᠢᠨ ᠨᠣᠮ ᠤᠩᠰᠢᠬᠤ ᠳᠤᠷᠠᠲᠠᠶ᠂ ᠨᠣᠮ ᠤᠩᠰᠢᠬᠤ ᠳᠠᠭᠠᠨ ᠴᠢᠳᠠᠮᠠᠭᠠᠶ︾ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃ | ᠠᠵᠢᠯᠯᠠᠭ᠎ᠠ ᠳᠤᠮᠳᠠ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠠᠴᠠ ᠲᠣᠰᠬᠤᠨ ᠤ ᠠᠷᠠᠳ ᠤᠨ ᠵᠥᠪᠯᠡᠯ ᠳᠤ ᠬᠦᠷᠴᠦ ᠤᠴᠢᠷ ᠶᠠᠪᠤᠳᠠᠯ | ᠰᠢᠶ᠋ᠳᠪᠦᠷᠢᠯᠡᠵᠦ ᠪᠠᠶᠢᠭ᠎ᠠ ᠲᠣᠰᠬᠤᠨ ᠤ ᠠᠷᠠᠳ ᠢ ᠲᠠᠯ᠎ᠠ ᠨᠤᠲᠤᠭ ᠤᠨ ᠨᠣᠮ ᠤᠨ ᠥᠷᠥᠭᠡ ᠳᠤ ᠣᠷᠣᠵᠤ᠂ ᠣᠯᠠᠨ ᠢᠶᠠᠷ ᠢᠶᠠᠨ ᠥᠪᠡᠷ ᠥᠪᠡᠷ ᠤᠨ ᠳᠤᠷᠠᠲᠠᠶ ᠨᠣᠮ | ᠪᠢᠴᠢᠭ ᠢᠶᠠᠨ ᠰᠣᠩᠭᠤᠨ ᠴᠡᠨᠡᠭᠯᠡᠵᠦ ᠰᠤᠷᠤᠯᠴᠠᠬᠤ ᠶᠢ ᠬᠥᠲᠥᠯᠥᠨ ᠵᠢᠯᠣᠭᠤᠳᠴᠤ᠂ ᠲᠣᠰᠬᠤᠨ ᠤ ᠠᠷᠠᠳ ᠤᠨ ᠵᠠᠷᠢᠮ ᠨᠢ ᠳᠠᠷᠢᠵᠤ ᠲᠡᠵᠢᠭᠡᠬᠦ ᠲᠥᠷᠥᠯ ᠤᠨ | ᠴᠢᠳᠠᠪᠤᠷᠢ ᠶᠢ ᠰᠤᠷᠤᠯᠴᠠᠨ ᠤᠷ᠎ᠠ ᠴᠢᠳᠠᠪᠤᠷᠢ ᠪᠠᠨ ᠨᠡᠮᠡᠭᠳᠡᠭᠦᠯᠵᠦ᠂ ᠵᠠᠷᠢᠮ ᠨᠢ ᠡᠴᠢᠭᠡ ᠡᠬᠡ ᠦᠷ᠎ᠡ ᠬᠡᠦᠬᠡᠳ ᠤᠨ ᠥᠯᠢᠭᠡᠷ ᠢ ᠤᠩᠰᠢᠵᠤ ᠬᠡᠦᠬᠡᠳ ᠲᠠᠢ ᠪᠠᠨ ᠨᠠᠩ | ᠰᠠᠶᠢᠲᠤᠷ ᠨᠡᠪᠲᠡᠷᠡᠯᠴᠡᠬᠦ ᠳᠤ ᠲᠥᠬᠦᠮ ᠪᠣᠯᠭᠠᠵᠤ᠂ ᠣᠯᠠᠨ ᠢᠶᠠᠷ ᠢᠶᠠᠨ ᠨᠠᠮ ᠵᠢᠮ ᠢᠶᠠᠷ ᠬᠦᠷᠢᠶᠡᠯᠡᠨ ᠰᠠᠭᠤᠵᠤ᠂ ᠬᠠᠷᠢᠯᠴᠠᠨ ᠲᠠᠨᠢᠯᠴᠠᠭᠤᠯᠵᠤ᠂ ᠥᠪᠡᠷ ᠥᠪᠡᠷ ᠤᠨ | ᠳᠤᠷᠠᠲᠠᠶ ᠨᠣᠮ ᠪᠢᠴᠢᠭ ᠢᠶᠠᠨ ᠤᠯᠠᠮᠵᠢᠯᠠᠨ ᠤᠩᠰᠢᠵᠤ᠂ ᠤᠩᠰᠢᠯᠭ᠎ᠠ ᠶᠢᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠤᠩᠰᠢᠯᠭ᠎ᠠ ᠶᠢᠨ ᠤᠷᠮ᠎ᠠ ᠪᠠᠬ᠎ᠠ ᠪᠠᠨ | ᠳᠡᠭᠡᠭᠰᠢᠯᠡᠭᠦᠯᠵᠦ᠂ ᠤᠩᠰᠢᠯᠭ᠎ᠠ ᠶᠢᠨ ᠥᠷᠭᠡᠴᠡ ᠪᠠ ᠭᠦᠨᠴᠡ ᠪᠠᠨ ᠨᠡᠮᠡᠭᠳᠡᠭᠦᠯᠵᠦ᠂ ᠣᠯᠠᠨ ᠳᠤ ᠤᠩᠰᠢᠯᠭ᠎ᠠ ᠶᠢᠨ ᠬᠠᠪᠤ ᠴᠡᠩᠭᠡᠯ ᠢ ᠦᠨᠡᠨ ᠬᠦ ᠣᠶᠢᠯᠠᠭᠠᠭᠤᠯᠵᠤ᠂ | ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ ᠪᠤᠭᠤᠷᠤᠯᠴᠤᠳ ᠤᠨ ᠤᠩᠰᠢᠯᠭ᠎ᠠ ᠪᠣᠯ ᠪᠦᠬᠦ ᠠᠷᠠᠳ ᠤᠨ ᠤᠩᠰᠢᠯᠭ᠎ᠠ ᠶᠢᠨ ᠴᠢᠬᠤᠯᠠ ᠪᠦᠷᠢᠯᠳᠦᠬᠦᠨ | ᠬᠡᠰᠡᠭ ᠮᠥᠨ᠂ ᠲᠠᠷᠢᠶᠠᠴᠢᠳ ᠢ ︽ᠪᠠᠶᠠᠨ︾ ᠬᠠᠷᠮᠠᠨ ᠲᠠᠢ ᠪᠣᠯᠭᠠᠬᠤ ᠮᠥᠷᠲᠡᠭᠡᠨ ᠪᠠᠰᠠ ︽ᠪᠠᠶᠠᠨ︾ ᠲᠠᠷᠢᠬᠢ ᠲᠣᠯᠣᠭᠠᠢ ᠲᠠᠢ ᠪᠣᠯᠭᠠᠵᠤ᠂ ᠲᠠᠯ᠎ᠠ ᠨᠤᠲᠤᠭ ᠤᠨ | ᠨᠣᠮ ᠤᠨ ᠥᠷᠥᠭᠡ ᠶᠢ ᠦᠨᠡᠨ ᠬᠦ ᠠᠮᠢᠯᠠᠭᠤᠯᠵᠤ᠂ ᠬᠥᠳᠡᠯᠭᠡᠵᠦ᠂ ᠬᠡᠷᠡᠭᠯᠡᠬᠦ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠬᠢᠩᠭᠠᠨ ᠪᠠᠯᠭᠠᠰᠤ ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ᠂ ᠲᠠᠯ᠎ᠠ | ᠨᠤᠲᠤᠭ ᠤᠨ ᠨᠣᠮ ᠤᠨ ᠥᠷᠥᠭᠡ ᠪᠠᠷ ᠲᠦᠰᠢᠭ ᠪᠣᠯᠭᠠᠵᠤ᠂ ᠬᠥᠳᠡᠭᠡ ᠲᠣᠰᠬᠤᠨ ᠤ ᠤᠩᠰᠢᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠲᠣᠰᠬᠤᠨ ᠤ | ᠣᠯᠠᠨ ᠲᠦᠮᠡᠨ ᠤ ᠢᠯᠡᠭᠦᠬᠡᠨ ᠨᠣᠮ ᠤᠩᠰᠢᠵᠤ᠂ ᠰᠠᠶᠢᠲᠤᠷ ᠨᠣᠮ ᠤᠩᠰᠢᠬᠤ ᠶᠢ ᠵᠣᠷᠢᠭᠵᠢᠭᠤᠯᠵᠤ᠂ ᠲᠡᠷᠢᠭᠦᠨ ᠤ ᠰᠣᠶᠣᠯ ᠢ ᠢᠳᠡᠪᠬᠢᠲᠡᠶ ᠤᠯᠠᠮᠵᠢᠯᠠᠨ | ᠳᠡᠯᠭᠡᠷᠡᠭᠦᠯᠵᠦ᠂ ᠰᠣᠶᠣᠯ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | |