ᠣᠶᠢᠷ᠎ᠠ ᠳᠤ᠂ ᠵᠥᠩ ᠴᠧᠩ ᠪᠦᠦ ᠲᠣᠰᠬᠤᠨ ᠤ ᠵᠠᠮ ᠬᠥᠭᠦᠷᠭᠡ ᠶᠢᠨ ᠲᠥᠷᠥᠯ ᠵᠦᠢᠯ ᠨᠢᠭᠡᠨᠲᠡ ᠨᠠᠮᠤᠷ ᠤᠨ ᠬᠤᠷᠢᠶᠠᠯᠲᠠ ᠠᠴᠠ ᠡᠮᠦᠨ᠎ᠡ ᠪᠠᠷᠢᠯᠭ᠎ᠠ | ᠳᠠᠭᠤᠰᠤᠭᠰᠠᠨ ᠪᠥᠭᠡᠳ ᠠᠰᠢᠭᠯᠠᠯᠲᠠ ᠳᠤ ᠣᠷᠣᠵᠤ᠂ ᠲᠠᠷᠢᠶᠠᠨ ᠭᠠᠵᠠᠷ ᠤᠨ ᠵᠠᠮ ᠨᠢ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠵᠠᠮ ᠬᠠᠷᠢᠯᠴᠠᠭᠠᠨ ᠤ | ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠲᠠᠷᠢᠶᠠᠴᠢᠳ ᠤᠨ ᠠᠮᠢᠳᠤᠷᠠᠯ ᠪᠠ ᠲᠠᠷᠢᠶᠠᠯᠠᠩ ᠤᠨ ᠦᠢᠯᠡᠳᠪᠦᠷᠢᠯᠡᠯ ᠳᠤ ᠲᠦᠢᠯ ᠤᠨ ᠴᠢᠬᠤᠯᠠ ᠦᠢᠯᠡᠳᠦᠯ | ᠦᠵᠡᠭᠦᠯᠵᠦ ᠪᠠᠶᠢᠨ᠎ᠠ᠃ | ᠳ᠋ᠧᠯᠴᠢᠷ ᠰᠢᠶᠠᠩ ᠤᠨ ᠵᠦᠩ ᠴᠧᠩ ᠪᠦᠦ ᠲᠣᠰᠬᠤᠨ ᠤ ᠨᠢᠭᠡᠳᠦᠭᠡᠷ ᠳᠤᠭᠤᠶᠢᠯᠠᠩ ᠤᠨ ᠤᠤᠯ ᠤᠨ ᠵᠠᠮ ᠤᠨ ᠬᠡᠰᠡᠭ ᠲᠤ ᠭᠦᠨ ᠭᠤᠤ ᠭᠠᠷᠴᠤ᠂ ᠪᠣᠷᠣᠭᠠᠨ ᠤ | ᠤᠯᠠᠷᠢᠯ ᠤᠨ ᠦᠶᠡᠷ ᠤᠨ ᠬᠤᠭᠤᠴᠠᠭ᠎ᠠ ᠬᠦᠷᠴᠦ ᠢᠷᠡᠬᠦ ᠪᠦᠷᠢ᠂ ᠤᠰᠤᠨ ᠤ ᠲᠦᠪᠰᠢᠨ ᠲᠦᠷᠭᠡᠨ ᠳᠡᠭᠡᠭᠰᠢᠯᠡᠵᠦ᠂ ᠭᠤᠣᠯ ᠤᠨ ᠤᠰᠤ ᠭᠤᠣᠯ ᠤᠨ | ᠭᠤᠯᠳᠤᠷᠢᠯ ᠠᠴᠠ ᠠᠮᠠᠷᠬᠠᠨ ᠪᠢᠯᠬᠠᠵᠤ᠂ ᠵᠠᠮ ᠤᠨ ᠭᠠᠳᠠᠷᠭᠤ ᠪᠣᠯᠤᠨ ᠲᠠᠷᠢᠶᠠᠨ ᠭᠠᠵᠠᠷ ᠢ ᠵᠢᠪᠪᠦᠭᠦᠯᠵᠦ᠂ ᠨᠡᠯᠢᠶᠡᠳ ᠶᠡᠭᠡ ᠠᠮᠤᠷ ᠲᠦᠪᠰᠢᠨ ᠤ ᠬᠡᠮ ᠰᠣᠭᠤᠭ | ᠣᠷᠣᠰᠢᠵᠤ᠂ ᠠᠮᠤ ᠪᠤᠳᠠᠭ᠎ᠠ ᠵᠥᠭᠡᠭᠡᠪᠦᠷᠢᠯᠡᠬᠦ ᠲᠡᠷᠭᠡ ᠬᠥᠰᠬᠡ ᠬᠠᠨᠤᠲᠠᠯ᠎ᠠ ᠲᠡᠭᠡᠭᠡᠪᠦᠷᠢᠯᠡᠵᠦ ᠳᠡᠶᠢᠯᠬᠦ ᠦᠭᠡᠢ ᠪᠤᠯᠵᠤ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ | ᠬᠡᠷᠡᠭᠰᠡᠯ ᠨᠡᠩ ᠴᠤ ᠨᠡᠪᠲᠡᠷᠡᠬᠦ ᠶᠢᠨ ᠠᠷᠭ᠎ᠠ ᠦᠭᠡᠢ ᠪᠤᠯᠵᠥ᠂ ᠤᠢᠢᠷ᠎ᠠ ᠬᠠᠪᠢ ᠶᠢᠨ ᠲᠠᠷᠢᠶᠠᠨ ᠭᠠᠵᠠᠷ ᠲᠠᠷᠢᠵᠥ ᠪᠠᠶᠢᠭ᠎ᠠ ᠲᠣᠰᠬᠤᠨ ᠤ ᠠᠷᠠᠳ ᠤᠨ ᠦᠢᠯᠡᠳᠪᠦᠷᠢᠯᠡᠯ | ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠢᠪᠠ᠃ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ᠂ ᠳ᠋ᠧᠯᠴᠢᠷ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠤᠷᠠᠯ ᠬᠢᠵᠦ ᠶᠠᠷᠢᠯᠴᠠᠬᠤ ᠪᠠᠷ ᠳᠡᠮᠵᠢᠨ᠂ ᠵᠥᠩ ᠴᠧᠩ ᠪᠦᠦ ᠲᠣᠰᠬᠤᠨ ᠤ ᠵᠠᠮ ᠬᠥᠭᠦᠷᠭᠡ ᠶᠢᠨ ᠲᠥᠷᠥᠯ | ᠵᠦᠢᠯ ᠢ 2024 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠪᠣᠯᠭᠠᠨ ᠬᠤᠰᠢᠭᠤᠨ ᠤ ᠦᠨᠳᠦᠰᠦᠲᠡᠨ ᠤ | ᠵᠥᠪᠯᠡᠯ ᠳᠤ ᠮᠡᠳᠡᠭᠦᠯᠬᠦ ᠪᠠᠷ ᠲᠣᠭᠲᠠᠪᠠ᠃ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠣᠰ ᠲᠥᠷᠥᠯ ᠵᠦᠢᠯ ᠢ ᠬᠡᠷᠡᠭᠵᠢᠭᠦᠯᠬᠦ ᠶᠢᠨ ᠴᠢᠬᠤᠯᠠ | ᠴᠢᠨᠠᠷ ᠵᠢᠴᠢ ᠪᠣᠯᠤᠮᠵᠢᠲᠤ ᠴᠢᠨᠠᠷ ᠢ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠪᠠᠯᠠ ᠮᠥᠩᠭᠦ ᠬᠤᠪᠢᠶᠠᠷᠢᠯᠠᠨ ᠵᠠᠮ ᠬᠥᠭᠦᠷᠭᠡ ᠶᠢᠨ ᠲᠥᠷᠥᠯ ᠵᠦᠢᠯ ᠢ | ᠬᠡᠷᠡᠭᠵᠢᠭᠦᠯᠬᠦ ᠶᠢ ᠳᠡᠮᠵᠢᠵᠦ᠂ ᠵᠥᠩ ᠵᠥᠩ ᠪᠦᠦ ᠲᠣᠰᠬᠤᠨ ᠳᠤ 1 ᠬᠥᠭᠦᠷᠭᠡ᠂ 1 ᠺᠢᠯᠣᠮᠧᠳ᠋ᠷ ᠲᠠᠷᠢᠶᠠᠨ ᠵᠠᠮ ᠵᠠᠰᠠᠵᠤ ᠥᠭᠭᠦᠭᠰᠡᠨ ᠪᠥᠭᠡᠳ ᠵᠠᠮ ᠬᠥᠭᠦᠷᠭᠡ ᠶᠢ | ᠵᠠᠰᠠᠵᠤ ᠪᠠᠶᠢᠭ᠎ᠠ ᠪᠠᠶᠢᠳᠠᠯ ᠢ ᠪᠥᠬᠦ ᠶᠠᠪᠤᠴᠠ ᠳᠤ ᠮᠥᠷᠳᠡᠨ ᠬᠢᠨᠠᠨ ᠵᠢᠯᠣᠭᠤᠳᠴᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠰᠠᠶᠢᠲᠤᠷ | ᠠᠳᠬᠤᠨ᠂ ᠶᠠᠰᠤ ᠴᠢᠨᠠᠷ ᠤᠨ ᠪᠣᠭᠤᠮᠲᠠ ᠥᠩᠭᠡᠷᠡᠬᠦ᠂ ᠣᠯᠠᠨ ᠲᠦᠮᠡᠨ ᠤ ᠠᠮᠤᠷ ᠲᠦᠪᠰᠢᠨ ᠢᠶᠠᠷ ᠨᠡᠪᠲᠡᠷᠡᠬᠦ ᠶᠢ ᠦᠨᠡᠨ ᠬᠦ ᠪᠠᠲᠤᠯᠠᠪᠠ᠃ | ᠲᠣᠰ ᠵᠠᠮ ᠬᠥᠭᠦᠷᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ | ᠰᠢᠯᠭᠠᠨ ᠠᠪᠴᠤ᠂ ᠲᠠᠷᠢᠶᠠᠯᠠᠩ ᠤᠨ ᠮᠠᠰᠢᠨ ᠮᠧᠬᠠᠨᠢᠭ ᠤᠨ ᠨᠡᠪᠲᠡᠷᠡᠬᠦ ᠨᠥᠬᠦᠴᠡᠯ ᠢ ᠬᠠᠩᠭᠠᠵᠤ᠂ ᠲᠠᠷᠢᠶᠠᠨ ᠭᠠᠵᠠᠷ ᠤᠨ ᠵᠠᠮ ᠨᠢ ᠲᠡᠭᠰᠢ᠂ ᠰᠠᠭᠠᠳ ᠥᠬᠡᠶ | ᠨᠡᠪᠲᠡᠷᠡᠵᠦ᠂ ᠵᠥᠩ ᠴᠧᠩ ᠪᠦᠦ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ︽ᠰᠡᠳᠬᠢᠯ ᠢᠶᠠᠨ | ᠬᠤᠯᠪᠣᠬᠤ ᠵᠠᠮ︾ ᠢ ᠳᠡᠪᠢᠰᠴᠦ᠂ ᠲᠣᠰᠬᠤᠨ ᠤ ᠠᠷᠠᠳ ᠤᠨ ︽ᠪᠤᠬᠢᠨᠢᠳᠤᠯ︾ ᠢ ᠰᠢᠢᠳᠪᠦᠷᠢᠯᠡᠪᠡ᠃ | |