ᠲᠦᠷᠦᠭᠦᠬᠡᠨ᠂ ᠶᠠᠳᠦ᠋ᠩ ᠪᠠᠯᠭᠠᠰᠤᠨ ᠤ ᠰᠢ ᠶᠠ ᠵᠧᠨ ᠲᠣᠰᠬᠤᠨ ᠠᠴᠠ ᠪᠠᠶᠠᠷ ᠤᠨ ᠴᠢᠮᠡᠭᠡ ᠤᠯᠠᠮᠵᠢᠯᠠᠭᠳᠠᠨ ᠢᠷᠡᠬᠦ ᠳᠤ᠂ ᠲᠠᠷᠢᠶᠠᠴᠢᠨ ᠰᠦᠨ ᠵᠦᠩ | ᠴᠢᠩ ᠤᠨ ᠰᠢᠷ᠎ᠠ ᠪᠤᠷᠴᠠᠭ ᠬᠠᠳᠤᠵᠤ ᠬᠤᠷᠢᠶᠠᠬᠤ ᠠᠵᠢᠯ ᠲᠡᠭᠦᠰ ᠠᠮᠵᠢᠯᠲᠠ ᠲᠠᠢ ᠳᠠᠭᠤᠰᠴᠤ᠂ ᠮᠦ ᠪᠦᠷᠢ ᠶᠢᠨ ᠤᠨᠠᠯᠲᠠ 497 ᠵᠢᠩ ᠳᠤ ᠬᠦᠷᠴᠦ᠂ ᠠᠳᠠᠯᠢ | ᠭᠠᠵᠠᠷ ᠤᠨ ᠵᠠᠭᠤ ᠰᠢᠬᠠᠮ ᠵᠢᠩ ᠠᠴᠠ ᠬᠤᠯᠠ ᠳᠠᠪᠠᠭᠰᠠᠨ ᠢᠶᠠᠷ ᠪᠠᠷᠠᠬᠤ ᠦᠭᠡᠢ᠂ ᠨᠡᠩ ᠴᠤ ᠲᠤᠬᠠᠢ ᠶᠢᠨ ᠭᠠᠵᠠᠷ ᠤᠨ ᠳᠤᠮᠳᠠᠴᠢ ᠤᠨᠠᠯᠲᠠ ᠠᠴᠠ 200 ᠭᠠᠷᠤᠢ | ᠵᠢᠩ ᠥᠨᠳᠥᠷ ᠪᠣᠯᠵᠠᠢ᠂ ᠡᠨᠡ ᠬᠦ ᠰᠢᠯᠢᠳᠡᠭ ᠠᠮᠵᠢᠯᠲᠠ ᠨᠢ ᠰᠦᠨ ᠵᠦᠩ ᠴᠢᠩ ᠤᠨ ᠨᠢᠭᠡ ᠭᠡᠷ ᠤᠨ ᠬᠢᠨ ᠢ ᠪᠠᠶᠠᠷᠯᠠᠭᠤᠯᠤᠨ ᠪᠠᠶᠠᠷᠯᠠᠭᠤᠯᠵᠠᠢ᠃ | ᠲᠣᠰᠬᠤᠨ ᠤ ᠪᠠᠨ ᠲᠠᠷᠢᠶᠠᠯᠠᠬᠤ ᠴᠢᠳᠠᠪᠤᠷᠢᠲᠠᠨ ᠪᠣᠯᠤᠭᠰᠠᠨ ᠤ ᠬᠤᠪᠢ ᠳᠤ᠂ ᠰᠦᠨ ᠵᠦᠩ ᠴᠢᠩ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠦᠷ᠎ᠡ ᠰᠣᠩᠭᠤᠬᠤ ᠪᠠ ᠲᠠᠷᠢᠵᠤ ᠬᠠᠮᠢᠶᠠᠷᠬᠤ ᠲᠠᠯ᠎ᠠ ᠪᠠᠷ ᠲᠠᠰᠤᠷᠠᠯᠳᠠ ᠦᠭᠡᠢ ᠰᠢᠪᠲᠤᠯᠤᠯᠲᠠ ᠭᠠᠷᠭᠠᠪᠠ᠃ ᠡᠨᠡ ᠵᠢᠯ᠂ ᠲᠡᠷᠡ ᠸᠧ ᠳ᠋ᠧᠦ | ᠪᠤᠷᠴᠠᠭ ᠤᠨ ᠲᠠᠪᠤᠳᠤᠭᠠᠷ ᠲᠥᠷᠥᠯ ᠵᠦᠢᠯ ᠢ ᠵᠣᠷᠢᠭᠲᠠᠶ ᠲᠤᠷᠰᠢᠵᠤ᠂ ᠦᠷ᠎ᠡ ᠶᠢ ᠨᠠᠷᠢᠨ ᠨᠢᠮᠪᠠᠶ ᠰᠣᠩᠭᠤᠬᠤ᠂ ᠳᠠᠷᠢᠬᠤ ᠠᠷᠭ᠎ᠠ ᠬᠡᠯᠪᠡᠷᠢ ᠶᠢ ᠰᠠᠶᠢᠵᠢᠷᠠᠭᠤᠯᠬᠤ | ᠵᠢᠴᠢ ᠰᠢᠨᠵᠢᠯᠡᠬᠦ ᠤᠬᠠᠭᠠᠨᠴᠢ ᠪᠠᠷ ᠪᠣᠷᠲᠣᠭᠤᠷ ᠣᠷᠣᠭᠤᠯᠬᠤ ᠪᠠᠷ ᠳᠡᠮᠵᠢᠨ᠂ ᠰᠢᠷ᠎ᠠ ᠪᠤᠷᠴᠠᠭ ᠤᠨ ᠤᠨᠠᠯᠲᠠ ᠶᠢᠨ ᠦᠰᠦᠷᠦᠯᠲᠡ ᠶᠢ ᠠᠮᠵᠢᠯᠲᠠ ᠲᠠᠢ ᠪᠡᠶᠡᠯᠡᠭᠦᠯᠵᠦ᠂ | ᠬᠡᠷ ᠪᠦᠯᠢ ᠶᠢᠨ ᠣᠷᠣᠯᠭ᠎ᠠ ᠶᠢ 2 ᠲᠦᠮᠡ ᠭᠠᠷᠤᠶ ᠲᠥᠭᠦᠷᠢᠭ ᠨᠡᠮᠡᠭᠳᠡᠭᠦᠯᠪᠡ᠃ | ᠰᠦᠨ ᠵᠥᠩ ᠴᠢᠩ ᠥᠪᠡᠷ ᠢᠶᠠᠨ ᠡᠯᠪᠡᠭ ᠬᠤᠷᠢᠶᠠᠯᠲᠠ ᠣᠯᠤᠭᠰᠠᠨ ᠢᠶᠠᠷ ᠪᠠᠷᠠᠬᠤ ᠥᠬᠡᠶ ᠪᠠᠰᠠ ᠳᠤᠷᠠᠲᠠᠶ᠎ᠠ ᠬᠤᠪᠢᠶᠠᠯᠴᠠᠨ ᠡᠳ᠋ᠯᠡᠵᠦ᠂ ᠲᠠᠷᠢᠮᠠᠯ ᠤᠨ | ᠲᠤᠷᠰᠢᠯᠭ᠎ᠠ ᠪᠠᠨ ᠬᠥᠷᠰᠢ ᠵᠡᠷᠭᠡᠯᠡᠳᠡᠭᠡ ᠨᠤᠲᠤᠭ ᠤᠨ ᠠᠬ᠎ᠠ ᠳᠡᠭᠦᠦ ᠨᠡᠷ ᠲᠡᠭᠡᠨ ᠢᠳᠡᠪᠬᠢᠲᠡᠶ ᠤᠯᠠᠮᠵᠢᠯᠠᠵᠤ᠂ ᠪᠥᠬᠦ ᠲᠣᠰᠬᠤᠨ ᠢ ᠳᠠᠶᠢᠴᠢᠯᠠᠨ ᠰᠢᠷ᠎ᠠ ᠪᠤᠷᠴᠠᠭ ᠤᠨ | ᠤᠨᠠᠯᠲᠠ ᠶᠢ ᠬᠠᠮᠲᠤ ᠪᠠᠷ ᠳᠡᠭᠡᠭᠰᠢᠯᠡᠭᠦᠯᠵᠦ᠂ ᠪᠠᠶᠠᠵᠢᠯ ᠤᠨ ᠵᠠᠮ ᠢᠶᠠᠷ ᠵᠠᠮᠨᠠᠭᠤᠯᠬᠤ ᠪᠠᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠰᠢᠨ᠎ᠡ ᠴᠠᠭ ᠦᠶ᠎ᠡ ᠶᠢᠨ | ᠲᠠᠷᠢᠶᠠᠴᠢᠳ ᠤᠨ ᠣᠶᠤᠨ ᠤᠬᠠᠭᠠᠨ ᠪᠠ ᠡᠭᠦᠷᠭᠡᠯᠡᠯ ᠢ ᠢᠯᠡᠷᠡᠭᠦᠯᠦᠭᠰᠡᠨ ᠪᠥᠭᠡᠳ ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠳᠤ ᠰᠢᠨ᠎ᠡ ᠬᠡᠪ | ᠳᠠᠭᠤᠷᠢᠶᠠᠯ ᠦᠵᠡᠭᠦᠯᠦᠭᠰᠡᠨ ᠪᠠᠶᠢᠨ᠎ᠠ᠃ | |