ᠰᠠᠨ ᠴᠠ ᠾᠧ ᠪᠠᠯᠭᠠᠰᠤ᠄ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/11/14
    ᠰᠤᠷᠭᠠᠭᠤᠯᠢ ᠶᠢᠨ ᠬᠦᠷᠢᠶᠡᠨ ᠤ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠰᠠᠨ ᠴᠠ ᠾᠧ ᠪᠠᠯᠭᠠᠰᠤᠨ ᠤ ᠵᠠᠰᠠᠭ ᠤᠨ ᠣᠷᠳᠣᠨ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠰᠤᠷᠭᠠᠭᠤᠯᠢ ᠶᠢ ᠬᠠᠮᠠᠭᠠᠯᠠᠵᠤ ᠠᠮᠤᠷ ᠲᠦᠪᠰᠢᠨ ᠢ ᠪᠠᠲᠤᠯᠠᠬᠤ︾ ᠬᠠᠮᠲᠤᠷᠠᠨ ᠪᠠᠶᠢᠴᠠᠭᠠᠬᠤ ᠠᠵᠢᠯ ᠥᠷᠨᠢᠭᠦᠯᠪᠡ᠃    ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠪᠠᠶᠢᠴᠠᠭᠠᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠠᠰᠠᠭᠤᠨ ᠣᠶᠢᠯᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠨᠢᠭᠡ ᠳᠠᠷᠤᠪᠴᠢᠲᠤ ᠬᠡᠯᠪᠡᠷᠢ ᠶᠢᠨ ᠲᠦᠭᠰᠢᠭᠦᠷᠢ ᠮᠡᠳᠡᠭᠡᠯᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠵᠡᠷᠭᠡ ᠲᠠᠯ᠎ᠠ ᠳᠤ ᠪᠥᠬᠦ ᠲᠠᠯ᠎ᠠ ᠶᠢᠨ ︽ᠣᠨᠣᠰᠢᠯᠠᠵᠤ ᠰᠤᠳᠠᠯ ᠪᠠᠷᠢᠬᠤ︾ ᠠᠵᠢᠯᠯᠠᠭ᠎ᠠ ᠥᠷᠨᠢᠭᠦᠯᠪᠡ᠃    ᠢᠳᠡᠭᠡᠨ ᠤ ᠠᠮᠤᠷ ᠲᠦᠪᠰᠢᠨ ᠤ ᠲᠠᠯ᠎ᠠ ᠪᠠᠷ᠂ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠬᠤᠭᠤᠯᠠᠨ ᠬᠡᠷ ᠲᠤ ᠣᠷᠣᠵᠤ᠂ ᠬᠤᠭᠤᠯᠠᠨ ᠬᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠪᠠᠶᠢᠳᠠᠯ ᠂ ᠢᠳᠡᠭᠡᠨ ᠤ ᠲᠦᠭᠦᠬᠡᠶ ᠮᠠᠲ᠋ᠧᠷᠢᠶᠠᠯ ᠢ ᠬᠤᠳᠠᠯᠳᠤᠨ ᠠᠪᠤᠭᠰᠠᠨ ᠪᠠᠶᠢᠳᠠᠯ᠂ ᠬᠤᠭᠤᠯᠠᠨ ᠬᠡᠷ ᠤᠨ ᠠᠵᠢᠯᠲᠠᠨ ᠤ ᠪᠠᠶᠢᠳᠠᠯ᠂ ᠡᠯ᠎ᠡ ᠲᠥᠷᠥᠯ ᠤᠨ ᠢᠳᠡᠭᠡᠨ ᠤ ᠨᠡᠮᠡᠯᠲᠡ ᠡᠳ᠋ ᠤᠨ ᠬᠡᠷᠡᠭᠯᠡᠯᠲᠡ ᠬᠠᠮᠢᠶᠠᠷᠤᠯᠲᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠰᠤᠷᠭᠠᠭᠤᠯᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ᠂ ᠪᠠᠶᠢᠴᠠᠭᠠᠬᠤ ᠠᠵᠢᠯᠲᠠᠳ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠭᠦᠶ᠋ᠴᠡᠳ ᠪᠠᠶᠢᠬᠤ ᠡᠰᠡᠬᠦ᠂ ᠪᠦᠲᠦᠮᠵᠢᠲᠡᠶ ᠪᠠᠶᠢᠳᠠᠯ ᠳᠤ ᠪᠠᠶᠢᠬᠤ ᠡᠰᠡᠬᠦ᠂ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠪᠠᠶᠢᠬᠤ ᠡᠰᠡᠬᠦ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠰᠡᠯ ᠬᠡᠷᠡᠭᠯᠡᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠵᠤ ᠲᠤᠰᠢᠶᠠᠨ ᠰᠢᠳᠪᠦᠷᠢᠯᠡᠭᠦᠯᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠰᠤᠷᠭᠠᠭᠤᠯᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃    ᠡᠭᠦᠨ ᠠᠴᠠ ᠭᠠᠳᠠᠨ᠎ᠠ᠂ ᠪᠠᠶᠢᠴᠠᠭᠠᠬᠤ ᠠᠵᠢᠯᠲᠠᠨ ᠪᠠᠰᠠ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠳᠣᠲᠣᠨ᠎ᠠ ᠭᠠᠳᠠᠨᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠬᠡᠷᠡᠮ ᠳᠤ ᠠᠩ ᠵᠠᠪᠰᠠᠷ᠂ ᠤᠰᠤ ᠭᠤᠭᠤᠵᠢᠬᠤ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢ ᠰᠢᠪᠠᠳᠠᠨ ᠠᠶᠤᠯᠭᠦᠶ ᠦᠢᠯᠡᠳᠪᠦᠷᠢᠯᠡᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ ᠪᠠ ᠭᠤᠷᠢᠳᠠᠬᠤ ᠪᠣᠳᠣᠯ ᠢ ᠡᠷᠡᠰ ᠬᠤᠷᠢᠭᠯᠠᠵᠤ᠂ ᠠᠮᠤᠷ ᠲᠦᠪᠰᠢᠨ ᠤ ᠳᠠᠯᠳᠠ ᠬᠡᠮ ᠢ ᠲᠦᠷᠭᠡᠬᠡᠨ ᠠᠷᠢᠯᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠠᠬᠤᠶ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠶ᠃    ᠲᠠᠷᠠᠭᠠᠴᠢ ᠶᠢᠨ ᠠᠯᠬᠤᠮ ᠳᠤ᠂ ᠰᠠᠨ ᠴᠠ ᠾᠧ ᠪᠠᠯᠭᠠᠰᠤ ᠦᠷᠭᠦᠯᠵᠢᠯᠡᠨ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠲᠤᠰᠬᠠᠶ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠳᠠᠯᠳᠠ ᠬᠡᠮ ᠥᠬᠡᠶ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠠᠳᠡᠯ ᠥᠬᠡᠶ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠭᠤᠷᠢ ᠶᠢ ᠪᠥᠬᠦ ᠬᠦᠴᠦᠨ ᠢᠶᠠᠷ ᠪᠠᠬᠢᠵᠢᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠪᠣᠯᠪᠠᠰᠤᠨ᠂ ᠡᠮᠬᠢ ᠵᠢᠷᠤᠮ ᠲᠠᠢ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ