ᠨᠠᠵᠢ ᠪᠠᠯᠭᠠᠰᠤ ᠦᠨᠳᠦᠰᠦᠨ ᠱᠠᠲᠤᠨ ᠤ ᠦᠢᠯᠡᠴᠢᠯᠡᠭᠡᠨ ᠤ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 17 ᠤ ᠡᠳᠦᠷ | ᠂ ᠨᠠᠵᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠯᠢᠦ ᠰᠢᠤᠸᠠᠢ ᠪᠠᠯᠭᠠᠰᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠥᠬᠦ ᠨᠡᠶᠢᠭᠡᠮ ᠲᠣᠭᠤᠷᠢᠭ ︵ᠲᠣᠰᠬᠤᠨ︶ ᠤᠨ ᠱᠦᠵᠢ᠂ ᠳᠡᠳ᠋ ᠱᠦᠵᠢ ᠶᠢ ᠳᠠᠭᠠᠭᠤᠯᠤᠨ ᠬᠠᠶᠢᠯᠠᠷ ᠲᠣᠭᠤᠷᠢᠭ ᠲᠤ | ᠬᠦᠷᠴᠦ ᠲᠣᠭᠤᠷᠢᠨ ᠦᠵᠡᠵᠦ ᠰᠤᠷᠤᠯᠴᠠᠪᠠ᠃ | ᠨᠠᠵᠢ ᠪᠠᠯᠭᠠᠰᠤᠨ ᠤ ᠬᠢᠨ ᠤᠷᠢᠳ ᠬᠤᠵᠢᠳ ᠳ᠋ᠦᠩ ᠱᠠᠨ ᠵᠡᠭᠡᠯᠢ ᠭᠤᠳᠤᠮᠵᠢ ᠶᠢᠨ ᠸᠠᠩ ᠬᠠᠶ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠱᠧᠩ ᠯᠢ ᠵᠡᠭᠡᠯᠢ ᠭᠤᠳᠤᠮᠵᠢ ᠶᠢᠨ ᠰᠢᠨ ᠴᠦᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ᠂ ᠹᠧᠨ | ᠳ᠋ᠧᠦ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ᠂ ᠳ᠋ᠦᠩ ᠱᠠᠨ ᠵᠡᠭᠡᠯᠢ ᠭᠤᠳᠤᠮᠵᠢ ᠶᠢᠨ ᠶᠤᠸᠠᠨ ᠱᠠᠨ ᠨᠡᠶᠢᠭᠡᠮ ᠲᠣᠭᠤᠷᠢᠭ ᠤᠨ | ᠨᠠᠰᠤᠲᠠᠳ ᠲᠤ ᠦᠢᠯᠡᠴᠢᠯᠡᠬᠦ ᠲᠥᠪ᠂ ᠵᠧᠩ ᠶᠠᠩ ᠵᠡᠭᠡᠯᠢ ᠭᠤᠳᠤᠮᠵᠢ ᠶᠢᠨ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠵᠢᠶᠠᠨ ᠺᠠᠩ ᠵᠡᠭᠡᠯᠢ ᠭᠤᠳᠤᠮᠵᠢ ᠶᠢᠨ ᠰᠥᠩ ᠱᠠᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠠᠷᠭ᠎ᠠ ᠬᠡᠯᠪᠡᠷᠢ ᠪᠠᠷ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠵᠦ᠂ | ᠭᠤᠷᠪᠠᠨ ᠵᠥᠪᠯᠡᠯ ᠬᠤᠯᠪᠣᠭᠠᠯᠠᠨ ᠬᠥᠳᠡᠯᠦᠯᠴᠡᠵᠦ᠂ ᠨᠠᠰᠤᠲᠠᠳ ᠲᠤ ᠦᠢᠯᠡᠴᠢᠯᠡᠵᠤ᠂ ᠪᠦᠷᠢᠨ ᠪᠦᠲᠦᠨ ᠨᠡᠶᠢᠭᠡᠮ ᠲᠣᠭᠤᠷᠢᠭ ᠵᠢᠴᠢ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠵᠡᠷᠭᠡ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠣᠯᠤᠨ ᠦᠢᠯᠡᠴᠢᠯᠡᠭᠡᠬᠠᠮᠢᠶᠠᠷᠤᠯᠲᠠ ᠶᠢᠨ ᠲᠠᠯ᠎ᠠ ᠪᠠᠷ ᠬᠢ ᠠᠭᠤᠯᠭ᠎ᠠ ᠶᠢ | ᠰᠣᠯᠢᠯᠴᠠᠨ ᠰᠤᠷᠤᠯᠴᠠᠪᠠ᠃ | |