10 ᠰᠠᠷ᠎ᠠ ᠶᠢᠨ 31 ᠤ ᠡᠳᠦᠷ᠂ ᠴᠠᠪᠠᠴᠢ ᠰᠢᠶᠠᠩ ᠤᠨ ᠨᠠᠮ ᠤᠨᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 | ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠰᠤᠳᠤᠯᠤᠨ ᠶᠠᠷᠢᠯᠴᠠᠬᠤ︶ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠲᠠᠪᠤᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠢᠯᠠᠩ ᠤᠨ ᠬᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠰᠢᠶᠠᠩ ᠤᠨ ᠨᠠᠮ ᠤᠨ ᠬᠤᠷᠢᠶᠠᠨ ᠤ ᠱᠦᠵᠢ | ᠹᠠᠨ ᠮᠥᠸᠧ ᠬᠤᠷᠠᠯ ᠡᠷᠬᠢᠯᠡᠵᠦ᠂ ᠣᠨᠣᠯ ᠰᠤᠷᠤᠯᠴᠠᠬᠤ ᠭᠤᠤᠯ ᠳᠤᠭᠤᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠣᠯᠤᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠭ ᠵᠣᠬᠢᠶᠠᠯ ᠢ ᠰᠤᠷᠤᠯᠴᠠᠬᠤ᠂ | ᠣᠭ ᠶᠣᠰᠣ ᠶᠢ ᠣᠶᠢᠯᠠᠭᠠᠬᠤ ᠪᠠᠷ ᠳᠠᠮᠵᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢᠷᠢᠰ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠣᠰᠣ ᠤᠴᠢᠷ ᠢ ᠡᠵᠡᠮᠰᠢᠵᠦ᠂ ᠶᠣᠰᠣ ᠤᠴᠢᠷ ᠢ ᠰᠤᠷᠤᠯᠴᠠᠨ ᠭᠦᠨ ᠶᠣᠰᠣ ᠶᠢ ᠣᠶᠢᠯᠠᠭᠠᠵᠤ᠂ | ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠪᠦᠯᠬᠦᠮᠳᠡᠨ ᠨᠢᠭᠡᠳᠴᠦ᠂ ᠮᠠᠨ ᠤ ᠰᠢᠶᠠᠩ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠤᠶᠠᠷ ᠲᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ | ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠰᠠᠭᠤᠳᠠᠯ ᠢ ᠰᠢᠶ᠋ᠳᠪᠦᠷᠢᠯᠡᠬᠦ᠂ ᠠᠵᠢᠯ ᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠠ ᠪᠣᠳᠠᠲᠠᠶ ᠠᠷᠭ᠎ᠠ | ᠬᠡᠮᠵᠢᠶ᠎ᠡ ᠪᠣᠯᠭᠠᠨ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ ᠶᠢᠨ ︽ᠲᠤᠰᠬᠠᠶ | ᠮᠥᠷᠲᠡᠭᠡᠨ ᠪᠣᠳᠠᠲᠠᠶ︾ ᠪᠠᠶᠢᠬᠤ᠂ ᠦᠷ᠎ᠡ ᠪᠦᠲᠦᠭᠡᠯ ᠢ ︽ᠲᠦᠷᠭᠡᠨ ᠪᠥᠭᠡᠳ ᠰᠢᠯᠢᠳᠡᠭ︾ ᠪᠣᠯᠭᠠᠬᠤ ᠶᠢ ᠦᠨᠡᠨ ᠬᠦ ᠪᠠᠲᠤᠯᠠᠵᠤ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠨᠡᠮᠡᠭᠳᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠲᠠᠷᠠᠭᠠᠴᠢ ᠶᠢᠨ ᠠᠯᠬᠤᠮ ᠳᠤ᠂ ᠴᠠᠪᠠᠴᠢ ᠰᠢᠶᠠᠩ ᠤᠨ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠵᠢᠯᠣᠭᠤᠳᠣᠯᠭ᠎ᠠ ᠪᠣᠯᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠵᠦᠢᠯ ᠤᠨ ᠠᠵᠢᠯ ᠢ ᠥᠷᠨᠢᠭᠦᠯᠵᠦ᠂ | ᠪᠣᠳᠠᠲᠤ ᠦᠷ᠎ᠡ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | |