︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠡᠶᠢᠲᠡ 9.4 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠦᠭᠦ ᠣᠷᠣᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠡᠯᠡ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠵᠦ᠂ ᠪᠦᠭᠦ ᠣᠷᠣᠨ ᠤ 215 ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠳᠡᠮᠵᠢᠪᠡ᠃ ᠡᠭᠦᠨ ᠳᠤ᠄ ᠬᠢᠩᠭᠠᠨ ᠠᠶᠢᠮᠠᠭ ᠤᠨ | ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠬᠤ᠂ ᠬᠥᠯᠥᠨ ᠪᠤᠶᠢᠷ ᠬᠤᠲᠠ ᠶᠢᠨ ︽ᠲᠠᠯ᠎ᠠ ᠨᠤᠲᠤᠭ - ᠮᠡᠷᠭᠡᠯ ᠭᠤᠣᠯ︾ | ᠤᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠬᠤ᠂ ᠯᠤᠤ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ | ᠵᠢᠭᠤᠯᠴᠢᠯᠠᠯ ᠤᠨ ᠣᠷᠣᠨ ᠢ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠶᠢ ᠳᠡᠮᠵᠢᠵᠦ᠂ ᠨᠠᠭᠠᠳᠤᠮ ᠤᠨ ᠠᠵᠢᠯᠯᠠᠭ᠎ᠠ ᠪᠠ | ᠠᠯᠠᠱᠠ ᠶᠢᠨ ᠪᠠᠭᠠᠲᠤᠳ ᠤᠨ ᠴᠤᠭᠯᠠᠭᠠᠨ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠴᠠᠰᠤ ᠮᠥᠰᠥᠨ ᠤ ᠨᠠᠶᠢᠷ ᠵᠡᠷᠭᠡ ᠡᠯ᠎ᠡ ᠲᠥᠷᠥᠯ ᠤᠨ | ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠳᠡᠮᠵᠢᠨ ᠮᠠᠨ ᠤ ᠣᠷᠣᠨ ᠤ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ | ᠢᠯᠠᠩᠭᠤᠶ᠎ᠠ 2023 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ | ᠤᠯᠤᠰ ᠤᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠭᠤᠯᠬᠤ ᠶᠢ ᠪᠦᠭᠦ ᠲᠠᠯ᠎ᠠ ᠪᠠᠷ ᠳᠡᠮᠵᠢᠵᠦ᠂ ︽ᠵᠠᠭᠤᠨ ᠲᠦᠮᠡᠨ ᠬᠥᠮᠥᠨ ᠬᠠᠷᠢᠯᠴᠠᠨ | ᠵᠢᠭᠤᠯᠴᠢᠯᠠᠬᠤ︾ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠭᠠᠷᠭᠠᠬᠤ᠂ ᠵᠢᠭᠤᠯᠴᠢᠯᠠᠯ ᠤᠨ ᠨᠢᠰᠬᠡᠯ | ᠬᠥᠯᠥᠰᠦᠯᠡᠬᠦ ᠵᠡᠷᠭᠡ ᠠᠷᠭ᠎ᠠ ᠠᠪᠴᠠᠯ ᠢᠶᠠᠷ ᠣᠷᠣᠨ ᠤ ᠭᠠᠳᠠᠨᠠᠬᠢ ᠵᠢᠭᠤᠯᠴᠢᠯᠠᠬᠰᠠᠳ ᠤᠨ ᠮᠠᠨ ᠤ ᠣᠷᠣᠨ ᠳᠤ ᠢᠷᠡᠵᠦ ᠵᠢᠭᠤᠯᠴᠢᠯᠠᠬᠤ ᠶᠢ ᠳᠡᠮᠵᠢᠭᠰᠡᠨ ᠤ ᠬᠠᠮᠲᠤ᠂ | ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠦᠵᠡᠰᠭᠦᠯᠡᠩ ᠵᠡᠷᠭᠡ ᠪᠠᠷ | ᠳᠠᠮᠵᠢᠭᠤᠯᠤᠨ ᠵᠢᠭᠤᠯᠴᠢᠯᠠᠬᠰᠠᠳ ᠢ ᠲᠠᠲᠠᠪᠠ᠃ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠲᠦᠷᠦᠭᠦᠦ ᠭᠤᠷᠪᠠᠨ | ᠤᠯᠠᠷᠢᠯ ᠳᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ 1.8 ᠳ᠋ᠦᠩᠰᠢᠭᠤᠷ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ 2658 ᠳ᠋ᠦᠩᠰᠢᠭᠤᠷ ᠲᠥᠭᠦᠷᠢᠭ ᠲᠤ ᠭᠦᠷᠪᠡ᠃ | |