ᠤᠯᠠᠨ ᠰᠦᠮ᠎ᠡ ᠶᠢᠨ ᠡᠷᠲᠡᠨ ᠤ ᠬᠤᠲᠠ ᠶᠢᠨ ᠪᠠᠭᠤᠷᠢ
ᠨᠡᠶᠢᠲᠡᠯᠡᠭᠰᠡᠨ ᠴᠠᠭ᠄
2024/11/15
    ᠤᠯᠠᠨ ᠰᠦᠮ᠎ᠡ ᠶᠢᠨ ᠡᠷᠲᠡᠨ ᠤ ᠬᠤᠲᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠥᠪ ᠪᠠᠲᠤᠬᠠᠭᠠᠯᠭ᠎ᠠ ᠪᠠᠯᠭᠠᠰᠤ ᠠᠴᠠ ᠬᠤᠶᠢᠰᠢ 30 ᠭᠠᠷᠤᠢ ᠺᠢᠯᠣᠮᠧᠳ᠋ᠷ ᠲᠤ ᠪᠠᠶᠢᠷᠢᠯᠠᠳᠠᠭ᠃ ᠪᠠᠰᠠ ᠤᠯᠠᠨ ᠰᠦᠮ᠎ᠡ ᠶᠢᠨ ᠡᠷᠲᠡᠨ ᠤ ᠬᠤᠳᠠ ᠶᠢᠨ ᠪᠠᠭᠤᠷᠢ ᠭᠡᠳᠡᠭ᠃ ᠤᠯᠠᠨ ᠰᠦᠮ᠎ᠡ ᠶᠢᠨ ᠡᠷᠲᠡᠨ ᠤ ᠬᠤᠲᠠ ᠪᠣᠯ ᠴᠢᠩᠭᠢᠰ ᠬᠠᠭᠠᠨ ᠤ ᠡᠷᠲᠡᠨ ᠤ ᠤᠷᠤᠭ ᠲᠦᠷᠦᠯ ᠪᠤᠯᠬᠤ ᠣᠩᠭᠤᠳ ᠠᠶᠢᠮᠠᠭ ᠤᠨ ᠲᠥᠪ ᠪᠠᠶᠢᠵᠤ᠂ ᠣᠩᠭᠤᠳ ᠠᠶᠢᠮᠠᠭ ᠤᠨ ᠤᠯᠤᠰ ᠲᠦᠷᠦ᠂ ᠠᠵᠤ ᠠᠬᠤᠢ᠂ ᠰᠣᠶᠣᠯ᠂ ᠱᠠᠰᠢᠨ ᠰᠤᠷᠲᠠᠬᠤᠨ ᠤ ᠲᠥᠪ ᠪᠣᠯᠵᠤ ᠪᠠᠶᠢᠵᠠᠢ᠃ ᠤᠯᠠᠨ ᠰᠦᠮ᠎ᠡ ᠶᠢᠨ ᠡᠷᠲᠡᠨ ᠤ ᠬᠤᠲᠠ ᠶᠤᠸᠠᠨ ᠤᠯᠤᠰ ᠤᠨ ᠦᠶ᠎ᠡ ᠳᠤ ᠬᠥᠭᠵᠢᠯᠲᠡ ᠶᠢᠨ ᠤᠷᠭᠢᠯ ᠳᠠᠭᠠᠨ ᠬᠦᠷᠴᠦ᠂ ᠮᠢᠩ ᠤᠯᠤᠰ ᠤᠨ ᠦᠶ᠎ᠡ ᠠᠴᠠ ᠠᠭᠠᠵᠢᠮ ᠢᠶᠠᠷ ᠳᠣᠷᠦ᠋ᠢᠲᠠᠨ ᠪᠠᠭᠤᠷᠠᠪᠠ᠃ ᠤᠯᠠᠨ ᠰᠦᠮ᠎ᠡ ᠶᠢᠨ ᠡᠷᠲᠡᠨ ᠤ ᠬᠤᠲᠠ ᠶᠢᠨ ᠪᠠᠭᠤᠷᠢ ᠨᠢ ᠶᠤᠸᠠᠨ ᠤᠯᠤᠰ ᠤᠨ ᠲᠡᠦᠬᠡ᠂ ᠣᠨᠴᠠᠭᠠᠶᠢᠯᠠᠨ ᠣᠩᠭᠤᠳ ᠠᠶᠢᠮᠠᠭ ᠪᠣᠯᠣᠨ ᠴᠢᠩᠭᠢᠰ ᠬᠠᠭᠠᠨ ᠤ ᠤᠷᠤᠭ ᠰᠠᠳᠤᠨ ᠤ ᠬᠠᠷᠢᠴᠠᠭ᠎ᠠ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ᠃    ᠪᠠᠭᠤᠷᠢ ᠶᠢᠨ ᠦᠯᠡᠳᠡᠭᠳᠡᠯ᠄ ᠤᠯᠠᠨ ᠰᠦᠮ᠎ᠡ ᠶᠢᠨ ᠡᠷᠲᠡᠨ ᠤ ᠬᠤᠳᠠ ᠶᠢᠨ ᠪᠠᠭᠤᠷᠢ ᠨᠢ ᠤᠷᠲᠤ ᠳᠥᠷᠪᠡᠯᠵᠢᠨ ᠭᠡᠯᠪᠡᠷᠢ ᠲᠠᠢ᠂ ᠵᠡᠭᠦᠨᠰᠢ ᠪᠠᠷᠠᠭᠤᠨᠰᠢ ᠪᠠᠨ 570 ᠮᠤᠳ᠋ᠷ᠂ ᠡᠮᠦᠨᠡᠰᠢ ᠬᠤᠶᠢᠰᠢ ᠪᠠᠨ 960 ᠮᠤᠳ᠋ᠷ᠂ ᠳᠦᠷᠪᠡᠨ ᠲᠠᠯ᠎ᠠ ᠳᠠᠭᠠᠨ ᠡᠭᠦᠳᠡᠨ ᠤ ᠣᠷᠣ ᠲᠠᠢ᠂ ᠡᠪᠳᠡᠷᠬᠡᠢ ᠬᠡᠷᠡᠮ ᠤᠨ ᠦᠯᠡᠳᠡᠭᠳᠡᠯ ᠤᠨ ᠥᠨᠳᠥᠷ ᠨᠢ 6 ᠮᠤᠳ᠋ᠷ ᠬᠢᠷᠢᠲᠡᠢ᠃ ᠬᠤᠲᠠ ᠶᠢᠨ ᠪᠠᠭᠤᠷᠢ ᠳᠣᠲᠣᠷ᠎ᠠ ᠡᠯᠳᠡᠪ ᠦᠢᠯ ᠤᠨ ᠸᠠᠭᠠᠷ ᠲᠤᠭᠤᠰᠭ᠋᠎ᠠ ᠪᠣᠯᠣᠨ ᠴᠢᠯᠠᠭᠤᠨ ᠪᠠᠭᠠᠨ᠎ᠠ ᠶᠢᠨ ᠰᠠᠭᠤᠷᠢ᠂ ᠴᠢᠯᠠᠭᠤᠨ ᠤᠭᠤᠷ᠂ ᠡᠷᠭᠡᠭᠦᠨ ᠱᠠᠰᠢᠨᠲᠠᠨ ᠤ ᠬᠡᠭᠦᠷ ᠤᠨ ᠳᠡᠭᠡᠷᠡᠬᠢ ᠵᠠᠭᠠᠯᠮᠠᠶᠢᠲᠤ ᠴᠢᠯᠠᠭᠤ ᠵᠡᠷᠭᠡ ᠤᠯᠠᠨ ᠵᠦᠢᠯ ᠪᠤᠢ᠃ ᠬᠤᠲᠠ ᠶᠢᠨ ᠪᠠᠭᠤᠷᠢ ᠠᠴᠠ ᠵᠡᠭᠦᠨᠰᠢ ᠨᠢᠭᠡ ᠺᠢᠯᠣᠮᠧᠳ᠋ᠷ ᠲᠤ ᠲᠣᠯᠣᠭᠠᠢ ᠦᠭᠡᠢ ᠬᠤᠶᠠᠷ ᠴᠢᠯᠠᠭᠤᠨ ᠬᠥᠮᠥᠨ᠂ ᠬᠤᠶᠠᠷ ᠴᠢᠯᠠᠭᠤᠨ ᠠᠷᠰᠯᠠᠨ ᠨᠢᠭᠡ ᠴᠢᠯᠠᠭᠤᠨ ᠶᠠᠰᠤᠲᠤ ᠮᠡᠯᠡᠬᠡᠢ ᠪᠠᠶᠢᠭᠰᠠᠨ ᠪᠥᠭᠡᠳ ᠨᠢᠭᠡ ᠴᠢᠯᠠᠭᠤᠨ ᠬᠥᠰᠢᠶ᠎ᠡ ᠪᠠᠶᠢᠪᠠ᠃    ᠨᠡᠷ᠎ᠡ ᠶᠢᠨ ᠬᠠᠭᠤᠳᠠᠰᠤ᠄ ᠪᠦᠭᠦ ᠤᠯᠤᠰ ᠤᠨ ᠳᠥᠷᠪᠡᠳᠦᠭᠡᠷ ᠪᠦᠯᠦᠭ ᠤᠨ ᠭᠤᠣᠯᠳᠠᠯᠭᠠᠲᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠃    ᠦᠵᠡᠮᠵᠢ ᠶᠢᠨ ᠣᠷᠣᠨ᠄ ᠰᠢᠷᠠᠮᠥ᠋ᠷᠡᠨ ᠤ ᠲᠠᠯ᠎ᠠ᠂ ᠪᠠᠲᠤᠬᠠᠭᠠᠯᠭ᠎ᠠ ᠰᠦᠮ᠎ᠡ᠂ ᠮᠠᠨᠳᠤᠯ ᠪᠣᠭᠤᠮᠲᠠ᠂ ᠬᠤᠩᠭᠤᠷ ᠣᠪᠣᠭ᠎ᠠ᠂ ᠤᠮᠠᠷᠠᠲᠤ ᠶᠢᠨ ᠴᠡᠷᠢᠭ ᠤᠨ ᠵᠡᠪᠰᠡᠭ  ᠤᠨ ᠬᠤᠲᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ