ᠠᠷᠤᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/11/19
    11 ᠰᠠᠷ᠎ᠠ ᠶᠢᠨ 13 ᠤ ᠡᠳᠦᠷ᠂ ᠠᠷᠤᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠷᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠱᠢ ᠢ ᠹᠧᠩ ᠨᠠᠷ ᠬᠤᠷᠠᠯ ᠳᠤ ᠣᠷᠣᠯᠴᠠᠨ ᠲᠣᠭᠤᠷᠢᠨ ᠰᠣᠨᠣᠰᠴᠠᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠢ ᠡᠷᠬᠢᠯᠡᠵᠦ᠂ ᠽᠦᠩ ᠵᠧ᠂ ᠹᠧᠩ ᠵᠦᠩ ᠯᠢᠶᠠᠩ᠂ ᠸᠠᠩ ᠺᠦᠨ ᠫᠧᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠣᠷᠣᠯᠴᠠᠪᠠ᠃
1.jpg
    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ ᠵᠠᠩ ᠸᠧᠢ ᠵᠢᠶᠦ᠋ᠨ᠂ ᠽᠦᠩ ᠵᠧ᠂ ᠹᠧᠩ ᠵᠦᠩ ᠯᠢᠶᠠᠩ ᠵᠡᠷᠭᠡ ᠤᠳᠤᠷᠢᠳᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠤᠯᠠᠨ ᠤ ᠶᠠᠷᠢᠶ᠎ᠠ ᠨᠢ ᠰᠢᠭᠤᠳ ᠭᠤᠣᠯ ᠰᠡᠳᠦᠪ ᠲᠤ ᠬᠦᠷᠴᠦ᠂ ᠰᠡᠳᠬᠢᠴᠡ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠳᠤᠷᠠᠳᠴᠠᠢ᠃
2.jpg
    ᠯᠢ ᠵᠢᠶ ᠷᠦᠩ ᠲᠣᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠦᠨᠡᠯᠡᠯᠲᠡ ᠬᠢᠵᠦ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠲᠠᠨᠢᠯᠲᠠ ᠪᠠ ᠲᠥᠷᠥᠭᠳᠡᠯ ᠢᠶᠠᠨ ᠭᠦᠨᠵᠡᠭᠡᠶ ᠰᠣᠯᠢᠯᠴᠠᠵᠤ᠂ ᠠᠰᠠᠭᠤᠳᠠᠯ ᠢ ᠣᠨᠣᠪᠴᠢᠲᠠᠶ ᠡᠷᠢᠵᠦ᠂ ᠦᠵᠡᠯ ᠰᠠᠨᠠᠭ᠎ᠠ ᠪᠠᠨ ᠨᠢᠭᠡᠳᠬᠡᠨ᠂ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠢᠶᠠᠨ ᠠᠬᠢᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠵᠢᠱᠢᠭᠰᠡᠨ ᠬᠠᠷᠠᠯᠲᠠ ᠪᠠ ᠰᠠᠶᠢᠨ ᠰᠠᠶᠢᠬᠠᠨ ᠦᠷ᠎ᠡ ᠪᠦᠲᠦᠮᠵᠢ ᠤᠯᠪᠠ ᠭᠡᠵᠦ ᠦᠵᠡᠪᠡ᠃ ᠠᠷᠤᠨ ᠬᠤᠰᠢᠭᠤᠨ ᠤ ᠨᠠᠮ ᠤᠨ ᠬᠤᠷᠢᠶ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠂ ᠭᠤᠤᠯ ᠠᠭᠤᠯᠭ᠎ᠠ ᠶᠢ ᠣᠨᠣᠪᠴᠢᠲᠠᠶ ᠡᠵᠡᠮᠰᠢᠬᠦ᠂ ᠪᠥᠬᠦ ᠬᠤᠰᠢᠭᠤ ᠪᠠᠷ ᠢᠶᠠᠨ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ ᠶᠢ ᠵᠢᠯᠤᠭᠤᠳᠴᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠬᠤ ᠬᠡᠷᠡᠭᠲᠡᠶ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠨᠠᠢᠳᠠᠪᠦᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠢᠳᠠᠪᠤᠷᠢᠵᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠬᠥᠯᠥᠨ ᠪᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
3.jpg
 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ