11 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠯᠢ ᠵᠢᠶ ᠷᠦᠩ ᠠᠷᠤᠨ ᠬᠤᠰᠢᠭᠤᠨ ᠳᠤ ᠭᠦᠨᠵᠡᠭᠡᠶᠢᠷᠡᠵᠦ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠲᠣᠭᠤᠷᠢᠨ ᠰᠣᠨᠣᠰᠴᠤ ᠰᠤᠯᠠ ᠰᠣᠨᠣᠰᠴᠤ᠂ | ᠳᠠᠭᠠᠭᠠᠴᠢᠯᠠᠨ ᠬᠤᠯᠪᠣᠭᠠᠯᠠᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠬᠠᠪᠰᠤᠷᠤᠯᠴᠠᠭ᠎ᠠ ᠪᠠᠶᠢᠭᠤᠯᠤᠨ | ᠬᠠᠪᠰᠤᠷᠤᠨ ᠲᠡᠳᠬᠦᠬᠦ ᠡᠷᠦᠬᠡ ᠶᠢ ᠪᠣᠯᠭᠤᠭᠠᠨ ᠦᠵᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠷᠢᠨ ᠪᠢᠴᠢᠭ ᠤᠨ ᠳᠠᠷᠤᠭ᠎ᠠ ᠱᠢ ᠢ ᠹᠧᠩ ᠪᠠᠷ᠎ᠠ ᠪᠣᠯᠪᠠ᠃ ᠵᠠᠩ ᠸᠧᠢ ᠵᠢᠶᠦ᠋ᠨ᠂ ᠽᠦᠩ ᠵᠧ᠂ ᠹᠧᠩ ᠵᠦᠩ ᠯᠢᠶᠠᠩ᠂ ᠸᠠᠩ ᠺᠦᠨ ᠫᠧᠩ ᠨᠠᠷ ᠤᠳᠤᠷᠢᠳᠤᠯᠭ᠎ᠠ | ᠣᠷᠣᠯᠴᠠᠪᠠ᠃ | | | | | | ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠷᠦᠩ ᠠᠷᠤᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠰᠤᠷᠤᠯᠴᠠᠨ ᠰᠤᠳᠤᠯᠬᠤ ᠬᠤᠷᠠᠯ ᠳᠡᠭᠡᠷ᠎ᠡ ᠲᠣᠭᠤᠷᠢᠨ ᠰᠣᠨᠣᠰᠴᠤ ᠰᠤᠯᠠ ᠰᠣᠨᠣᠰᠪᠠ᠃ ᠲᠡᠷᠡ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠰᠢᠰᠲ᠋ᠧᠮ ᠤᠨ ᠣᠶᠢᠯᠠᠭᠠᠭᠳᠠᠬᠤᠨ ᠢ ᠴᠢᠩᠭᠠᠳᠬᠠᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ | ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ︽ᠭᠤᠷᠪᠠᠨ ᠲᠦᠪᠰᠢᠨ︾ | ᠢ ᠳᠡᠭᠡᠭᠰᠢᠯᠡᠭᠦᠯᠵᠦ᠂ ᠲᠣᠭᠲᠠᠴᠠ ᠶᠢᠨ ᠲᠦᠭᠵᠢᠷᠡᠯ ᠤᠨ ᠠᠰᠠᠭᠤᠳᠠᠯ ᠢ ᠰᠦᠪᠡᠭᠴᠢᠯᠡᠨ ᠰᠢᠨ᠎ᠡ ᠶᠢ ᠡᠭᠦᠳᠴᠦ ᠰᠢᠢᠳᠪᠦᠷᠢᠯᠡᠬᠦ ᠪᠠᠷ ᠳᠠᠮᠵᠢᠨ᠂ ᠠᠯᠳᠠᠭ᠎ᠠ | ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ | ᠴᠤᠭᠴᠠᠵᠢᠭᠤᠯᠤᠨ ᠠᠬᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠢᠲᠠᠢ ᠬᠦᠭᠵᠢᠭᠦᠯᠬᠦ ᠶᠢ ᠠᠬᠢᠭᠤᠯᠬᠤ | ᠬᠡᠷᠡᠭᠲᠡᠢ ᠭᠡᠵᠡᠢ᠃ | | | | | | ᠳᠠᠭᠠᠭᠠᠴᠢᠯᠠᠨ ᠬᠤᠯᠪᠣᠭᠠᠯᠠᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠠᠷᠤᠨ ᠬᠤᠰᠢᠭᠤᠨ ᠤ ᠰᠢᠶᠠᠩ ᠶᠠᠩ ᠢᠦᠶ ᠪᠠᠯᠭᠠᠰᠤᠨ ᠤ | ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠯᠢ ᠵᠢᠶ ᠷᠦᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ᠂ ᠲᠦᠭᠵᠢᠷᠡᠯ᠂ | ᠡᠪᠡᠷᠰᠢᠶᠡᠯ ᠵᠡᠷᠭᠡ ᠠᠰᠠᠭᠤᠳᠠᠯ ᠢ ᠨᠠᠷᠢᠨ ᠬᠢᠨᠠᠮᠠᠭᠠᠶ ᠰᠣᠨᠣᠰᠴᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠮᠠᠯ ᠤᠨ ᠠᠷᠠᠯᠵᠢᠶ᠎ᠠ᠂ ᠬᠠᠷᠠᠯᠲᠠ ᠶᠢᠨ ᠲᠥᠯᠥᠪᠵᠢᠭᠦᠯᠭᠡ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠯᠥᠨ ᠪᠤᠶᠢᠷ ᠤᠨ ᠳᠡᠭᠡᠳᠦ ᠲᠠᠰ ᠤᠨ ᠦᠬᠡᠷ ᠬᠤᠨᠢᠨ | ᠮᠢᠬᠠᠨ ᠤ ᠲᠥᠷᠥᠯ ᠲᠡᠮᠳᠡᠭ ᠢ ᠴᠢᠷᠮᠠᠶᠢᠨ ᠡᠭᠦᠳᠴᠦ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | | ᠯᠢ ᠵᠢᠶ ᠷᠦᠩ ᠪᠠᠰᠠ ᠬᠤᠷᠴᠢ ᠪᠠᠯᠭᠠᠰᠤᠨ ᠤ ᠮᠥᠸᠧ ᠡᠯ ᠳ᠋ᠢᠩ ᠲᠣᠰᠬᠤᠨ ᠳᠤ ᠬᠦᠷᠴᠦ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ ᠡᠷᠦᠬᠡ | ᠰᠢᠤᠸᠠᠢ ᠵᠢᠩ ᠶᠦᠨ ᠲᠠᠢ ᠨᠢᠭᠤᠷᠳᠠᠨ ᠶᠠᠷᠢᠯᠴᠠᠵᠤ᠂ ᠳᠣᠲᠣᠨᠣ ᠪᠠᠷ ᠶᠠᠷᠢᠯᠴᠠᠵᠤ᠂ ᠲᠡᠭᠦᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠡᠯ᠎ᠡ ᠱᠠᠲᠤᠨ ᠤ ᠬᠢᠨ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠡᠳᠬᠢᠯ ᠳᠡᠯᠪᠢᠨ ᠬᠠᠶᠢᠷ᠎ᠠ ᠬᠠᠯᠠᠮᠵᠢ ᠶᠢ ᠣᠯᠠᠨ | ᠲᠦᠮᠡᠨ ᠤ ᠰᠡᠳᠬᠢᠯ ᠳᠤ ᠦᠨᠡᠨ ᠬᠦ ᠬᠦᠷᠭᠡᠬᠦ ᠬᠡᠷᠡᠭᠲᠡᠶ ᠭᠡᠵᠦ ᠱᠠᠭᠠᠷᠳᠠᠪᠠ᠃ | | | | |