ᠵᠠᠩ ᠸᠧᠶ ᠵᠢᠶᠦ᠋ᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
    11 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ 97 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠽᠦᠩ ᠵᠧ᠂ ᠸᠠᠩ ᠺᠦᠨ ᠫᠧᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠣᠷᠣᠯᠴᠠᠵᠤ᠂ ᠹᠧᠩ ᠵᠦᠩ ᠯᠢᠶᠠᠩ᠂ ᠯᠢ ᠱᠤ᠋ ᠹᠠᠩ ᠰᠤᠯᠠ ᠣᠷᠣᠯᠴᠠᠪᠠ᠃
1.jpg
    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠦᠬᠦᠢ ᠪᠢᠴᠢᠭ ᠤᠨ ᠵᠣᠷᠢᠭ ᠰᠠᠨᠠᠭ᠎ᠠ᠂ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠤᠯᠪᠣᠭᠳᠠᠯ ᠪᠦᠬᠦᠢ ᠶᠠᠷᠢᠶ᠎ᠠ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠪᠸᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠴᠣᠭᠴᠠ ᠪᠠᠷ ᠰᠤᠷᠤᠯᠴᠠᠨ ᠣᠶᠢᠯᠠᠭᠠᠵᠤ᠂ ᠨᠢᠭᠡ ᠴᠣᠭᠴᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠠᠮ ᠤᠨ ᠪᠠᠶᠢᠭᠤᠯᠤᠯᠲᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠠᠷᠤᠨ ᠬᠤᠰᠢᠭᠤᠨ ᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠥᠬᠦᠶ ᠮᠡᠳᠡᠭᠦᠯᠦᠯᠲᠡ ᠶᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ᠂ ᠬᠠᠷᠢᠭᠤ ᠲᠤᠰᠬᠠᠭᠰᠠᠨ ᠰᠠᠨᠠᠯ ᠲᠠᠢ ᠴᠢᠩᠭ᠎ᠠ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠣᠳᠠᠲᠠᠶ ᠲᠦᠷᠭᠡᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ᠂ ᠳᠠᠩᠰᠠ ᠬᠠᠷᠭᠤᠭᠤᠯᠵᠤ ᠳ᠋ᠤᠭᠠᠷ ᠬᠠᠰᠤᠬᠤ ᠶᠢ ᠲᠦᠷᠭᠡᠳᠬᠡᠵᠦ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠣᠨᠣᠪᠴᠢᠲᠠᠢ ᠰᠠᠶᠢᠲᠤᠷ ᠬᠢᠵᠦ᠂ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠮᠵᠢ ᠶᠢ ᠦᠨᠡᠨ ᠬᠦ ᠴᠢᠩᠭᠠᠳᠬᠠᠵᠤ᠂ ᠵᠥᠪ ᠲᠠᠯ᠎ᠠ ᠶᠢᠨ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠬᠥᠳᠡᠯᠭᠡᠭᠦᠷ ᠤᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ