11 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠷᠤᠨ ᠬᠤᠰᠢᠭᠤᠨ ᠤ ᠬᠤᠸᠠ ᠶᠦᠨ ᠲᠠᠷᠢᠶᠠᠯᠠᠩ ᠤᠨ | ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠪᠠ ᠠᠵᠢᠯᠯᠠᠭᠠᠨ ᠤ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠤᠨ ᠡᠯᠧᠮᠧᠨ᠋ᠲ ᠤᠨ ᠬᠡᠪᠴᠢᠶᠡᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠲᠠ ᠬᠥᠳᠡᠭᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠬᠤ ᠶᠢ | ᠵᠣᠷᠢᠭᠵᠢᠭᠤᠯᠪᠠ᠃ ᠭᠦᠸᠧ ᠫᠢᠩ᠂ ᠵᠠᠩ ᠰᠢᠤᠸᠠᠢ ᠹᠧᠩ ᠣᠷᠣᠯᠴᠠᠪᠠ᠃ | | | | | | ᠬᠤᠸᠠ ᠶᠦᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ᠂ ᠵᠠᠩ ᠸᠧᠶ ᠵᠢᠶᠦ᠋ᠨ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠢ ᠨᠠᠷᠢᠨ | ᠣᠶᠢᠯᠠᠭᠠᠪᠠ᠃ | | | | | | ᠵᠠᠩ ᠸᠧᠢ ᠵᠢᠶᠦ᠋ᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ | ᠬᠠᠷᠢᠭᠤᠴᠠᠯᠭ᠎ᠠ ᠬᠦᠨᠳᠦ ᠶᠡᠭᠡ ᠶᠤᠮ᠂ ᠠᠵᠤ ᠠᠬᠤᠶᠢᠯᠠᠯ ᠤᠨ ᠬᠢᠨ ᠭᠤᠣᠯᠳᠠᠯᠭ᠎ᠠ ᠪᠣᠯᠤᠨ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠬᠥᠳᠡᠭᠡ ᠲᠣᠰᠬᠤᠨ ᠤ | ᠥᠮᠴᠢᠯᠡᠬᠦ ᠡᠷᠬᠡ ᠶᠢᠨ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ | ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠪᠠᠨ ᠴᠢᠩᠭᠠᠳᠬᠠᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠳᠤ ᠭᠦᠨᠵᠡᠭᠡᠢ ᠣᠷᠣᠯᠴᠠᠵᠤ᠂ ᠦᠢᠯᠡᠳᠪᠦᠷᠢᠯᠡᠯ᠂ ᠬᠠᠩᠭᠠᠯᠭ᠎ᠠ | ᠪᠣᠷᠣᠯᠠᠭᠤᠯᠭ᠎ᠠ᠂ ᠢᠲᠡᠭᠡᠮᠵᠢ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠰᠢᠰᠲ᠋ᠧᠮ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠦᠢᠯᠡᠳᠪᠦᠷᠢᠯᠡᠯ ᠤᠨ ᠦᠢᠯᠡᠴᠢᠯᠡᠭᠡ᠂ ᠬᠠᠩᠭᠠᠨ ᠪᠣᠷᠣᠯᠠᠭᠤᠯᠬᠤ ᠦᠢᠯᠡᠴᠢᠯᠡᠭᠡ᠂ ᠢᠲᠡᠭᠡᠮᠵᠢ ᠶᠢᠨ ᠦᠢᠯᠡᠴᠢᠯᠡᠭᠡ ᠵᠡᠷᠭᠡ ᠵᠠᠩᠭᠢᠯᠠᠭ᠎ᠠ ᠶᠢᠨ | ᠬᠦᠷᠢᠶᠡᠨ ᠳᠤ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ ᠭᠡᠵᠡᠢ᠃ | ᠵᠠᠩ ᠸᠧᠶ ᠵᠢᠶᠦ᠋ᠨ᠂ ᠡᠬᠢ ᠪᠠᠶᠠᠯᠢᠭ ᠢ ᠡᠳ᠋ ᠬᠥᠷᠥᠩᠭᠡᠵᠢᠭᠦᠯᠬᠦ ᠶᠢ ᠢᠳᠡᠪᠬᠢᠲᠡᠶ ᠠᠬᠢᠭᠤᠯᠵᠤ᠂ ᠡᠯ᠎ᠡ ᠲᠥᠷᠥᠯ ᠤᠨ ᠲᠠᠷᠢᠶᠠᠯᠠᠩ ᠤᠨ ᠡᠬᠢ ᠪᠠᠶᠠᠯᠢᠭ ᠤᠨ | ᠪᠠᠶᠢᠳᠠᠯ ᠢ ᠲᠣᠳᠣᠷᠬᠠᠶ ᠣᠶᠢᠯᠠᠭᠠᠵᠤ᠂ ᠨᠠᠷᠢᠨ ᠲᠥᠷᠥᠯ ᠬᠤᠪᠢᠶᠠᠵᠤ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠨᠢᠭᠲᠠ ᠵᠣᠯᠭᠠᠭᠤᠯᠵᠤ᠂ ᠡᠬᠢ | ᠪᠠᠶᠠᠯᠢᠭ ᠢᠶᠠᠷ ᠵᠢᠭᠡᠯᠡᠯᠭᠡ ᠶᠢ ᠬᠥᠳᠡᠯᠭᠡᠵᠦ᠂ ᠠᠷᠠᠯᠵᠢᠶᠠᠨ ᠤ ᠠᠷᠭ᠎ᠠ ᠵᠠᠮ ᠢ ᠰᠢᠯᠤᠭᠤᠳᠬᠠᠵᠤ᠂ ᠠᠷᠠᠯᠵᠢᠶᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ ᠪᠥᠬᠦ ᠬᠤᠰᠢᠭᠤᠨ ᠤ ︽ᠲᠠᠪᠤᠨ ᠲᠥᠷᠥᠯ ᠤᠨ ᠭᠠᠵᠠᠷ︾ ᠢ ᠲᠥᠷᠥᠯ ᠬᠤᠪᠢᠶᠠᠨ ᠰᠢᠢᠳᠪᠦᠷᠢᠯᠡᠵᠦ᠂ ᠱᠠᠲᠤ ᠬᠤᠪᠢᠶᠠᠨ ᠠᠬᠢᠭᠤᠯᠵᠤ᠂ | ᠭᠠᠵᠠᠷ ᠰᠢᠷᠣᠶ ᠶᠢ ᠴᠡᠪᠡᠷᠯᠡᠨ ᠵᠢᠷᠤᠮᠵᠢᠭᠤᠯᠬᠤ ᠠᠵᠢᠯ ᠤᠨ ᠣᠨᠣᠪᠴᠢᠲᠤ ᠴᠢᠨᠠᠷ ᠪᠠ ᠡᠮᠬᠢ ᠳᠢᠭᠯᠢᠮ ᠤᠨ ᠴᠢᠨᠠᠷ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ | ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ ᠭᠡᠵᠡᠢ᠃ | |