ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠵᠤ ᠰᠠᠶᠢᠵᠢᠷᠠᠭᠤᠯᠬᠤ ᠪᠠᠷ ᠥᠪᠥᠷ ᠮᠣᠩᠭᠤᠯ ᠪᠣᠳᠠᠲᠠᠢ ᠠᠷᠭ᠎ᠠ ᠬᠡᠮᠵᠢᠶ᠎ᠡ ᠬᠡᠷᠡᠭᠯᠡᠪᠡ︕
ᠨᠡᠶᠢᠲᠡᠯᠡᠭᠰᠡᠨ ᠴᠠᠭ᠄
2024/11/23
    11 ᠳ᠋ᠦ᠋ᠭᠡᠷ ᠰᠠᠷ᠎ᠠ ᠶᠢᠨ 19᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠬᠡᠮᠡᠬᠦ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ - ︽ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ   ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠶ᠎ᠠ︾ ᠬᠡᠮᠡᠬᠦ ᠲᠤᠰᠬᠠᠢ ᠲᠠᠯᠠᠪᠤᠷ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠣᠯᠣᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠢ ᠬᠠᠷᠢᠭᠤᠯᠪᠠ᠃     ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠲᠥᠯᠥᠪ ᠪᠠᠶᠢᠳᠠᠯ ᠢ ᠪᠠᠶᠢᠭᠤᠯᠤᠨ᠎ᠠ   ᠺᠠᠩ ᠰᠢᠤᠸᠠᠢ ᠳ᠋ᠦᠩ   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ᠂ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠳᠡᠪᠬᠢᠲᠡᠢ ᠬᠠᠶᠢᠨ ᠰᠦᠪᠡᠭᠴᠢᠯᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ 13 ᠰᠠᠯᠠᠭ᠎ᠠ ᠮᠥᠴᠢᠷ ᠯᠦᠭᠡ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠬᠦ︾᠎ ᠶᠢᠨ ᠲᠣᠭᠤᠷᠢᠨ ᠳᠤ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠶᠠᠪᠤᠭᠤᠯᠵᠤ᠂ ︽ᠰᠢᠶᠠᠨ ᠰᠢᠶᠠᠩ ᠲᠣᠰᠬᠤᠨ ᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠪᠦᠷᠢᠨᠰᠢᠭᠦᠯᠬᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ᠂ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠬᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ︾ ᠳᠥᠷᠪᠡᠨ ᠲᠠᠯ᠎ᠠ ᠶᠢᠨ 17 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃    ᠪᠠᠷᠢᠮᠵᠢᠶ᠎ᠠ ᠶᠢ ᠴᠢᠩᠭ᠎ᠠ ᠵᠢᠷᠤᠮᠯᠠᠵᠤ ᠪᠠᠶᠢᠭᠠᠳ ᠠᠰᠠᠷᠠᠭᠴᠢ ᠬᠥᠮᠥᠵᠢᠭᠦᠯᠦᠨ ᠪᠣᠯᠪᠠᠰᠤᠷᠠᠭᠤᠯᠬᠤ 30 ᠰᠠᠭᠤᠷᠢᠨ ᠭᠠᠵᠠᠷ ᠢ ᠰᠢᠯᠢᠨ ᠰᠣᠩᠭᠤᠪᠠ᠃ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠵᠦ᠂ ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ ᠲᠥᠪ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 4308.75 ᠲᠦᠮᠡᠨ ᠲᠥᠭᠦᠷᠢᠭ ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠯᠭ᠎ᠠ ᠪᠠᠶᠢᠭᠤᠯᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠵᠤ ᠳᠡᠰ ᠳᠡᠪᠰᠢᠭᠦᠯᠬᠦ ᠠᠵᠢᠯ ᠳᠤ ᠬᠡᠷᠡᠭᠯᠡᠭᠦᠯᠪᠡ᠃    10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠣᠷᠣᠨ ᠳᠠᠶᠠᠭᠠᠷ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠡᠶᠢᠲᠡ 570 ᠪᠠᠶᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︵ᠵᠢᠷᠭᠠᠯᠠᠩᠲᠤ ᠬᠦᠷᠢᠶᠡᠯᠡᠩ ᠪᠠᠭᠲᠠᠨ᠎ᠠ︶᠎ ᠶᠢ 6217 ᠪᠠᠶᠢᠭᠤᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠨᠠᠰᠤᠲᠠᠶᠢᠴᠤᠳ ᠲᠤ ᠪᠠᠶᠠᠯᠢᠭ ᠰᠠᠶᠢᠬᠠᠨ ᠰᠣᠶᠣᠯ ᠴᠡᠩᠭᠡᠯ ᠤᠨ ᠠᠮᠢᠳᠤᠷᠠᠯ ᠢ ᠬᠠᠩᠭᠠᠵᠠᠢ    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠥᠭᠡᠷᠡᠴᠢᠯᠡᠨ ᠰᠠᠶᠢᠵᠢᠷᠠᠭᠤᠯᠬᠤ᠂ ᠴᠢᠳᠠᠮᠵᠢ ᠪᠠᠨ ᠥᠷᠭᠡᠳᠬᠡᠬᠦ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠠᠰᠤᠲᠠᠶᠢᠴᠤᠳ ᠤᠨ ᠡᠷᠬᠢᠨ ᠲᠣᠭᠤᠷᠢᠨ᠂ ᠬᠠᠵᠠᠭᠤ ᠬᠠᠪᠢ᠂ ᠥᠷᠥᠭᠡ ᠭᠡᠷ ᠲᠤ ᠨᠢ ᠲᠥᠪᠯᠡᠷᠡᠭᠦᠯᠬᠦ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠢ ᠵᠣᠯᠭᠠᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠪᠠᠨ ᠪᠣᠳᠠᠲᠠᠶᠢᠵᠢᠭᠤᠯᠬᠤ ᠶᠢ ᠠᠬᠢᠭᠤᠯᠤᠨ᠎ᠠ    ᠵᠠᠢ ᠶᠢᠩ ᠵᠢᠶᠦ᠋ᠨ   ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ    ᠥᠪᠥᠷ ᠮᠣᠩᠭᠤᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠲᠦᠷᠦᠭᠦᠯᠡᠨ ᠬᠢᠬᠦ ᠶᠢᠨ ᠲᠣᠭᠤᠷᠢᠨ ᠳᠤ 36 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠪᠥᠭᠡᠳ ᠰᠤᠷᠲᠠᠯ ᠢᠶᠠᠨ ᠬᠤᠪᠢᠷᠠᠭᠤᠯᠬᠤ᠂ ᠠᠰᠠᠭᠤᠳᠠᠯ ᠢᠶᠠᠨ ᠵᠠᠯᠠᠷᠠᠭᠤᠯᠬᠤ ᠪᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠢᠭᠲᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠪᠠ᠃ ᠣᠳᠣᠬᠠᠨ ᠳᠤ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠬᠠᠮᠲᠤ ᠳᠤ ᠨᠢ ᠬᠢᠨᠠᠵᠤ ᠨᠢᠭᠡᠳᠦᠯᠲᠡᠢ ᠰᠢᠢᠳᠪᠦᠷᠢᠯᠡᠬᠦ︾᠎ ᠶᠢ ᠬᠡᠷᠡᠭᠵᠢᠭᠦᠯᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠬᠤᠲᠠ ᠶᠢᠨ ᠱᠠᠲᠤᠨ ᠳᠤ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠥᠭᠡᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃    ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠬᠤ ᠶᠢ ᠠᠬᠢᠭᠤᠯᠬᠤ ᠶᠢᠨ ᠲᠣᠭᠤᠷᠢᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠠᠨᠠᠯ ᠤᠨ ᠨᠡᠶᠢᠲᠡᠯᠡᠭᠳᠡᠬᠦ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠪᠣᠯᠬᠤ ᠬᠥᠮᠥᠰ ᠲᠤ ᠠᠵᠢᠯ ᠣᠯᠭᠤᠬᠤ ᠶᠢ ᠳᠡᠮᠵᠢᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠪᠡ︔ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠢᠳᠡᠪᠬᠢᠲᠡᠢ ᠨᠠᠮᠳᠠᠭᠤᠯᠪᠠ︔ ᠠᠵᠢᠯ ᠣᠯᠭᠤᠵᠤ ᠦᠢᠯᠡᠰ ᠴᠣᠭᠴᠠᠯᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠪᠡ᠃    ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠳᠡᠰ ᠳᠠᠪᠬᠤᠷᠭ᠎ᠠ ᠣᠯᠠᠨ ᠲᠤᠯᠭᠠᠭᠤᠷᠢᠯᠠᠯ ᠲᠠᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠲᠤᠬᠠᠢ ᠰᠠᠨᠠᠯ︾᠎ ᠢ ᠪᠥᠬᠦ ᠤᠯᠤᠰ ᠲᠤ ᠤᠷᠢᠳ ᠢᠶᠠᠷ ᠨᠡᠶᠢᠲᠡᠯᠡᠪᠡ︔ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠢ ᠪᠠᠷ ᠬᠡᠪᠴᠢᠶ᠎ᠡ ᠶᠢ ᠨᠢ ᠥᠷᠭᠡᠳᠬᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠠᠮᠢᠳᠤᠯᠢᠭ ᠢᠶᠠᠷ ᠠᠵᠢᠯ ᠣᠯᠣᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠳᠤ ᠣᠷᠣᠯᠴᠠᠬᠤ ᠶᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠬᠢᠭᠤᠯᠵᠤ᠂ ᠨᠥᠬᠦᠴᠡᠯ ᠲᠠᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠦᠷᠢ ᠣᠯᠭᠤᠬᠤ ᠠᠵᠢᠯ ᠥᠷᠨᠢᠭᠦᠯᠪᠡ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠶᠢ ᠳ᠋ᠢᠭᠢᠲᠴᠢᠯᠡᠭᠰᠡᠨ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠬᠠᠮᠲᠤ ᠳᠤ ᠨᠢ ᠬᠢᠨᠠᠵᠤ ᠨᠢᠭᠡᠳᠦᠯᠲᠡᠢ ᠭᠦᠢᠴᠡᠳᠬᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠶᠢᠭᠡᠮ ᠤᠨ ᠳᠠᠭᠠᠳᠬᠠᠯ ᠤᠨ ᠰᠢᠯᠵᠢᠭᠦᠯᠵᠦ ᠦᠷᠭᠦᠯᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠭᠰᠠᠨ ᠰᠠᠭᠤᠭᠠᠯᠢ ᠠᠷᠠᠳ ᠤᠨ ᠦᠢᠯᠡᠴᠢᠯᠡᠭᠡᠨ ᠤ ︽ᠪᠦᠷᠢᠨ ᠴᠢᠳᠠᠮᠵᠢᠲᠤ ᠺᠠᠷᠲ︾᠎ ᠤᠨ ᠬᠡᠷᠡᠭᠯᠡᠯᠲᠡ ᠶᠢᠨ ᠪᠠᠶᠢᠳᠠᠯ ᠢ ᠥᠷᠭᠡᠳᠬᠡᠪᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠭᠡᠯᠲᠡ᠂ ᠮᠡᠳᠡᠭᠡ ᠵᠠᠩᠭᠢ᠂ ᠬᠢᠨᠠᠯᠲᠠ ᠲᠠᠯᠪᠢᠯᠲᠠ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠰᠠᠭᠤᠷᠢ ᠮᠥᠩᠭᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠰᠠᠭᠤᠷᠢ ᠮᠥᠩᠭᠦᠨ ᠤ ︽ᠠᠯᠳᠠᠭᠳᠠᠵᠤ ᠭᠡᠭᠡᠭᠳᠡᠵᠦ ᠰᠦᠢᠳᠴᠦ ᠬᠤᠬᠢᠷᠠᠬᠤ︾᠎ ᠶᠢ ᠴᠢᠩᠭ᠎ᠠ ᠰᠡᠷᠭᠡᠶᠢᠯᠡᠪᠡ᠃     ᠥᠪᠥᠷ ᠮᠣᠩᠭᠤᠯ ᠤᠨ ︽ᠳᠤᠯᠠᠭᠠᠯᠠᠭ᠎ᠠ ᠶᠢᠨ ᠢᠨᠵᠧᠨᠧᠷᠢᠩ︾᠎ ᠤᠨ 528 ᠲᠥᠷᠥᠯ ᠵᠦᠢᠯ ᠤᠨ ᠠᠵᠢᠯ ᠢᠶᠠᠨ ᠪᠥᠬᠦᠨ ᠢ ᠳᠠᠭᠤᠰᠬᠠᠪᠠ    ᠭᠦᠸᠧ ᠢᠦᠢ ᠹᠧᠩ   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠡᠭᠦᠰᠬᠡᠭᠴᠢ᠂ ᠢᠯᠴᠢ ᠶᠢᠨ ᠲᠣᠣᠷ᠂ ᠢᠯᠴᠢ ᠶᠢᠨ ᠥᠷᠲᠡᠭᠡ᠂ ᠰᠠᠭᠤᠭᠠᠯᠢ ᠡᠷᠦᠬᠡ ᠵᠡᠷᠭᠡ ᠳᠤ ᠣᠯᠠᠨ ᠡᠭᠡᠯᠵᠢ ᠶᠢᠨ ᠪᠥᠬᠦ ᠬᠡᠯᠬᠢᠶᠡᠨ ᠤ ᠵᠢᠭᠰᠠᠭᠠᠨ ᠪᠠᠶᠢᠴᠠᠭᠠᠯᠲᠠ ᠬᠢᠵᠦ᠂ ᠢᠯᠴᠢ ᠬᠠᠩᠭᠠᠭᠰᠠᠨ ᠴᠤ ᠬᠠᠯᠠᠬᠤ ᠦᠭᠡᠢ ᠪᠠᠶᠢᠭ᠎ᠠ ︽ᠭᠡᠮ ᠤᠨ ᠦᠨᠳᠦᠰᠦ︾᠎ ᠶᠢ ᠣᠨᠣᠪᠴᠢᠲᠠᠶ ᠡᠷᠢᠵᠦ ᠣᠯᠣᠭᠠᠳ᠂ ᠲᠥᠷᠥᠯ ᠵᠦᠢᠯ ᠤᠨ ᠨᠠᠷᠢᠨ ᠲᠠᠩᠰᠠ ᠶᠢ ᠪᠠᠶᠢᠭᠤᠯᠤᠨ᠂ 528 ᠲᠥᠷᠥᠯ ᠵᠦᠢᠯ ᠢ ᠲᠣᠭᠲᠠᠭᠠᠪᠠ᠃ 10 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠪᠥᠬᠦ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 528 ᠲᠥᠷᠥᠯ ᠵᠦᠢᠯ ᠤᠨ ᠠᠵᠢᠯ ᠢᠶᠠᠨ ᠪᠦᠬᠦᠨ ᠢ ᠳᠠᠭᠤᠰᠬᠠᠵᠤ᠂ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠴᠠᠭ ᠲᠤᠬᠠᠢ ᠳᠤ ᠨᠢ ᠢᠯᠴᠢ ᠬᠠᠩᠭᠠᠪᠠ᠃ ᠣᠳᠣᠬᠠᠨ ᠳᠤ᠂ ᠪᠥᠬᠦ ᠣᠷᠣᠨ ᠤ ᠢᠯᠴᠢ ᠬᠠᠩᠭᠠᠬᠤ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠢᠯᠴᠢ ᠬᠠᠩᠭᠠᠬᠤ ᠶᠠᠰᠤ ᠴᠢᠨᠠᠷ ᠢᠯᠡᠳᠲᠡ ᠳᠡᠭᠡᠭᠰᠢᠯᠡᠪᠡ᠃    ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠣᠷᠣᠨ ᠳᠠᠶᠠᠭᠠᠷ ᠤᠨ ᠢᠯᠴᠢ ᠬᠠᠩᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠂ ︽ᠳᠤᠯᠠᠭᠠᠯᠭ᠎ᠠ ᠶᠢᠨ ᠢᠨᠵᠧᠨᠧᠷᠢᠩ︾᠎ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠥᠪᠥᠷ ᠮᠣᠩᠭᠤᠯ ︽ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾᠎ ᠶᠢ ᠬᠠᠶᠢᠨ ᠰᠦᠪᠡᠭᠴᠢᠯᠡᠪᠡ᠃    ᠢᠯᠴᠢ ᠬᠠᠩᠭᠠᠬᠤ ᠬᠤᠭᠤᠴᠠᠭᠠᠨ ᠳᠠᠬᠢ ᠣᠨᠣᠴᠠᠲᠠᠢ ᠦᠢᠯᠡᠴᠢᠯᠡᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠠᠭᠤᠭᠠᠯᠢ ᠠᠷᠠᠳ ᠤᠨ ᠭᠡᠷ ᠤᠨ ᠳᠤᠯᠠᠭᠠᠨ ᠢ ᠨᠢ ᠰᠦᠯᠵᠢᠶ᠎ᠡ ᠪᠠᠨ ᠬᠢᠨᠠᠨ ᠰᠢᠨᠵᠢᠬᠦ ᠰᠢᠰᠲ᠋ᠧᠮ ᠢ ᠭᠦᠢᠴᠡᠳ ᠠᠰᠢᠭᠯᠠᠨ᠂ ᠡᠳᠦᠷ ᠲᠤ ᠨᠢ ᠰᠤᠳᠤᠯᠤᠨ ᠮᠠᠭᠠᠳᠯᠠᠵᠤ ᠲᠡᠷᠡ ᠭᠠᠷᠠᠭ ᠲᠤ ᠨᠢ ᠲᠣᠬᠢᠷᠠᠭᠤᠯᠤᠯᠲᠠ ᠬᠢᠬᠦ ᠶᠢ ᠣᠨᠣᠪᠴᠢᠲᠠᠶ ᠥᠷᠨᠢᠭᠦᠯᠵᠦ᠂ ᠡᠯ᠎ᠡ ᠭᠠᠵᠠᠷ ᠤᠨ ᠢᠯᠴᠢ ᠬᠠᠩᠭᠠᠬᠤ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ ᠪᠠᠶᠢᠨ᠎ᠠ᠃ ᠢᠯᠴᠢ ᠬᠠᠩᠭᠠᠬᠤ ᠦᠢᠯᠡᠴᠢᠯᠡᠭᠡᠨ ᠤ ᠲᠤᠰᠬᠠᠢ ᠤᠲᠠᠰᠤ᠂ ︽ᠬᠤᠣᠰ ᠬᠠᠮᠢᠶᠠᠷᠤᠭᠴᠢ︾᠎ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ ᠪᠠᠶᠢᠨ᠎ᠠ᠃    ᠢᠯᠴᠢ ᠬᠠᠩᠭᠠᠬᠤ ᠠᠵᠢᠯ ᠲᠥᠷᠥᠯ ᠤᠨ ᠬᠠᠮᠢᠶᠠᠷᠤᠯᠲᠠ ᠶᠢ ᠲᠠᠰᠤᠷᠠᠯᠲᠠ ᠤᠶᠢᠭᠡᠢ ᠵᠢᠷᠤᠮᠵᠢᠭᠤᠯᠤᠨ᠂ ᠢᠯᠴᠢ ᠬᠠᠩᠭᠠᠬᠤ ᠡᠵᠡᠩᠨᠡᠯᠲᠡ ᠶᠢᠨ ᠵᠥᠪᠰᠢᠶᠡᠷᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ᠂ ᠣᠯᠠᠨᠲᠠ ᠱᠠᠭᠠᠷᠳᠠᠭᠰᠠᠨ ᠴᠤ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠ ᠰᠢᠯᠭᠠᠨ ᠦᠨᠡᠯᠡᠭᠰᠡᠨ ᠦᠷ᠎ᠡ ᠳ᠋ᠦᠩ ᠨᠢ ᠦᠷᠭᠦᠯᠵᠢᠯᠡᠨ ᠬᠢᠷᠢ ᠲᠡᠩᠴᠡᠭᠰᠡᠨ ᠦᠭᠡᠢ ᠠᠵᠤ ᠠᠬᠤᠶᠢᠯᠠᠯ ᠢ ᠬᠠᠤᠯᠢ ᠶᠣᠰᠣᠭᠠᠷ ᠢᠯᠭᠠᠷᠠᠭᠤᠯᠤᠨ ᠪᠤᠴᠠᠭᠠᠨ᠎ᠠ᠃    ︽ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾ ᠰᠢᠨ᠎ᠡ ᠬᠡᠪ ᠵᠠᠭᠪᠤᠷ ᠢ ᠦᠷᠭᠦᠯᠵᠢᠯᠡᠨ ᠬᠠᠶᠢᠨ ᠰᠦᠪᠡᠭᠴᠢᠯᠡᠵᠦ᠂ ᠬᠥᠬᠡᠬᠤᠲᠠ᠂ ᠣᠷᠳᠣᠰ ᠬᠤᠲᠠ ᠵᠡᠷᠭᠡ 5 ᠠᠶᠢᠮᠠᠭ ᠬᠤᠲᠠ ᠶᠢᠨ ᠣᠶᠤᠨᠲᠤ ᠢᠯᠴᠢ ᠬᠠᠩᠭᠠᠬᠤ ᠲᠤᠷᠰᠢᠯᠲᠠ ᠶᠢᠨ ᠴᠡᠭ ᠤᠨ ᠠᠵᠢᠯ ᠢᠶᠠᠨ ᠦᠷᠭᠦᠯᠵᠢᠯᠡᠨ ᠥᠷᠨᠢᠭᠦᠯᠬᠦ ᠶᠢ ᠠᠬᠢᠭᠤᠯᠤᠨ᠂ ᠬᠢᠶ᠎ᠠ ᠪᠠᠭᠰᠢ ᠲᠣᠭᠤᠷᠢᠭ ᠢ ᠣᠶᠤᠨᠲᠤ ᠢᠯᠴᠢ ᠬᠠᠩᠭᠠᠬᠤ ᠬᠤᠰᠢᠭᠤᠴᠢ ᠲᠣᠭᠤᠷᠢᠭ ᠪᠣᠯᠭᠠᠵᠤ᠂ ᠪᠥᠬᠦ ᠣᠷᠣᠨ ᠪᠦᠰᠡ ᠶᠢᠨ ᠣᠶᠤᠨᠲᠤ ᠢᠯᠴᠢ ᠬᠠᠩᠭᠠᠬᠤ ᠵᠢᠱᠢᠶ᠎ᠡ ᠦᠵᠡᠭᠦᠯᠬᠦ ᠴᠡᠭ ᠢ ᠰᠦᠪᠡᠭᠴᠢᠯᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠣᠶᠤᠨᠲᠤ ᠢᠯᠴᠢ ᠬᠠᠩᠭᠠᠬᠤ ᠪᠠᠷᠢᠮᠵᠢᠶ᠎ᠠ ᠶᠢ ᠵᠡᠷᠭᠡ ᠳᠤ ᠨᠢ ᠰᠤᠳᠤᠯᠤᠨ ᠲᠣᠭᠲᠠᠭᠠᠵᠤ᠂ ︽ᠡᠭᠦᠰᠬᠡᠭᠴᠢ᠂ ᠲᠣᠣᠷ᠂ ᠥᠷᠲᠡᠭᠡ᠂ ᠡᠷᠦᠬᠡ︾᠎ ᠶᠢᠨ ᠪᠥᠬᠦ ᠬᠡᠯᠬᠢᠶ᠎ᠡ ᠶᠢᠨ ᠣᠶᠤᠨᠲᠤ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠬᠠᠩᠭᠠᠬᠤ ᠬᠡᠮᠵᠢᠶ᠎ᠡ ᠪᠠᠷ ᠨᠢ ᠢᠯᠴᠢ ᠬᠠᠩᠭᠠᠵᠤ ᠰᠦᠢᠳᠬᠡᠯ ᠬᠤᠷᠢᠶᠠᠬᠤ᠂ ᠬᠠᠮᠢᠶᠠᠷᠬᠤ ᠪᠠ ᠤᠬᠠᠭᠤᠯᠬᠤ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ︽ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ᠃     ᠭᠠᠷᠠᠭ ᠪᠦᠷᠢ ᠣᠷᠣᠨ ᠤ ᠭᠠᠳᠠᠨᠠᠬᠢ 530 ᠭᠠᠷᠤᠢ ᠮᠡᠷᠭᠡᠵᠢᠯᠲᠡᠨ ᠢᠷᠡᠵᠦ ᠡᠮᠨᠡᠨ ᠵᠠᠰᠠᠬᠤ ᠪᠣᠯᠤᠭᠰᠠᠨ ᠢᠶᠠᠷ ᠤᠯᠠᠨ ᠲᠦᠮᠡᠨ ︽ᠭᠡᠷ ᠤᠨ ᠢᠶᠠᠨ ᠡᠭᠦᠳᠡᠨ ᠳᠤ ᠨᠡᠷᠡᠳᠤ ᠡᠮᠴᠢ ᠪᠠᠷ ᠡᠪᠡᠳᠴᠢᠨ ᠢᠶᠠᠨ ᠦᠵᠡᠭᠦᠯᠬᠦ︾᠎ ᠶᠢ ᠪᠡᠶᠡᠯᠡᠭᠦᠯᠪᠡ    ᠯᠢᠦ ᠶᠦᠩ   ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ    ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠡᠪᠡᠳᠴᠢᠨ ᠢᠶᠠᠨ ᠡᠮᠨᠡᠭᠦᠯᠵᠦ ᠵᠠᠰᠠᠬᠤ ᠳᠤ ᠬᠠᠮᠤᠭ ᠠᠴᠠ ᠰᠡᠳᠬᠢᠯ ᠲᠠᠯᠪᠢᠵᠤ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 9 ᠲᠠᠯ᠎ᠠ ᠶᠢᠨ ᠭᠤᠣᠯ ᠪᠣᠯᠬᠤ ᠡᠭᠦᠷᠭᠡ᠂ 35 ᠵᠦᠢᠯ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠪᠦᠬᠦᠨ ᠢ ᠡᠬᠢᠯᠡᠨ ᠬᠡᠷᠡᠭᠵᠢᠭᠦᠯᠵᠦ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ ︽ᠲᠠᠷᠠᠬᠠᠢ ᠴᠡᠭ ᠲᠤ ᠪᠠᠶᠢᠴᠠᠭᠠᠵᠤ᠂ ᠲᠥᠪᠯᠡᠷᠡᠩᠭᠦᠢ ᠴᠡᠭ ᠲᠤ ᠣᠨᠣᠰᠢᠯᠠᠬᠤ︾᠂ ᠠᠰᠠᠷᠠᠵᠤ ᠰᠠᠭᠠᠲᠠᠭᠤᠯᠬᠤ ᠦᠢᠯᠡᠴᠢᠯᠡᠭᠡᠨ ᠤ ᠣᠷᠣ ᠨᠡᠮᠡᠬᠦ ᠵᠡᠷᠭᠡ ᠡᠭᠦᠷᠭᠡ ᠶᠢᠨ ᠣᠨ ᠤ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃    ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾᠎ ᠳᠤ ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠬᠤ ᠠᠷᠭ᠎ᠠ ᠶᠢ ᠰᠠᠨᠠᠭᠠᠴᠢᠯᠠᠨ᠂ ᠡᠷᠡᠭᠦᠯ ᠮᠡᠨᠳᠦ ᠶᠢ ᠨᠥᠯᠥᠭᠡᠯᠡᠬᠦ ᠭᠤᠣᠯ ᠬᠦᠴᠦᠨ ᠵᠦᠢᠯ ᠪᠠ ᠬᠦᠨᠳᠦ ᠶᠡᠭᠡ ᠡᠪᠡᠳᠴᠢᠨ ᠡᠮᠭᠡᠭ ᠢ ᠴᠢᠷᠮᠠᠶᠢᠨ ᠬᠤᠷᠢᠭᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 29.18%᠎ ᠳᠤ ᠬᠦᠷᠦᠭᠦᠯᠵᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.4 ᠵᠠᠭᠤᠨ ᠤ ᠴᠡᠭ ᠢᠶᠠᠷ ᠥᠨᠳᠥᠷ ᠪᠣᠯᠭᠠᠪᠠ᠃    ᠤᠯᠤᠰ ᠤᠨ ᠣᠷᠣᠨ ᠪᠦᠰᠡ ᠶᠢᠨ ᠡᠮᠴᠢᠯᠡᠭᠡᠨ ᠤ 4 ᠲᠥᠪ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠂ ᠡᠭᠦᠨ ᠳᠤ ᠬᠥᠬᠡᠬᠤᠲᠠ ᠳᠤ 2᠂ ᠤᠯᠠᠭᠠᠨᠬᠠᠳᠠ᠂ ᠪᠠᠶᠠᠨᠨᠠᠭᠤᠷ ᠲᠤ ᠲᠣᠰ ᠪᠦᠷᠢ 1 ᠪᠠᠶᠢᠵᠤ᠂ ︽ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠤᠯ᠂ ᠬᠠᠮᠢᠶᠠᠷᠤᠯᠲᠠ︾᠎ ᠶᠢᠨ ᠠᠭᠤᠰᠤᠯᠴᠠᠵᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠡᠮᠴᠢᠯᠡᠭᠡᠨ ᠤ ᠥᠨᠳᠦᠷᠯᠢᠭ ᠢ ᠪᠦᠲᠦᠭᠡᠪᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ 4 ᠲᠥᠪ ᠲᠤ ᠴᠥᠮ ᠣᠷᠳᠣ ᠬᠤᠭᠤᠴᠠᠭ᠎ᠠ ᠪᠠᠷ ᠲᠣᠮᠢᠯᠠᠨ ᠰᠠᠭᠤᠯᠭᠠᠭᠰᠠᠨ ᠲᠤᠰᠬᠠᠢ ᠮᠡᠷᠭᠡᠵᠢᠯᠲᠡᠨ ᠲᠠᠢ᠂ ᠰᠠᠷ᠎ᠠ ᠪᠦᠷᠢ ᠪᠠᠷᠤᠭ 8 ᠲᠦᠮᠡᠨ ᠡᠪᠡᠳᠴᠢᠲᠡᠨ ᠳᠤ ᠦᠢᠯᠡᠴᠢᠯᠡᠳᠡᠭ᠃    ᠪᠡᠭᠡᠵᠢᠩ ᠥᠪᠥᠷ ᠮᠣᠩᠭᠤᠯ᠂ ᠱᠠᠩᠬᠠᠢ ᠥᠪᠥᠷ ᠮᠣᠩᠭᠤᠯ᠂ ᠯᠢᠶᠣᠤᠨᠢᠩ ᠥᠪᠥᠷ ᠮᠣᠩᠭᠤᠯ᠂ ᠲᠢᠶᠠᠨᠵᠢᠨ ᠥᠪᠥᠷ ᠮᠣᠩᠭᠤᠯ ᠵᠡᠷᠭᠡ ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠤ ᠭᠠᠳᠠᠨᠠᠬᠢ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ 44 ᠡᠮᠨᠡᠯᠭᠡ ᠶᠢᠨ ᠬᠤᠷᠢᠶ᠎ᠠ ᠶᠢ ᠬᠠᠮᠤᠷᠪᠠ᠂ ᠭᠠᠷᠠᠭ ᠪᠦᠷᠢ ᠣᠷᠣᠨ ᠤ ᠭᠠᠳᠠᠨᠠᠬᠢ 530 ᠭᠠᠷᠤᠢ ᠲᠤᠰᠬᠠᠢ ᠮᠡᠷᠭᠡᠵᠢᠯᠲᠡᠨ ᠡᠮᠨᠡᠨ ᠵᠠᠰᠠᠬᠤ ᠪᠣᠯᠤᠭᠰᠠᠨ ᠢᠶᠠᠷ᠂ ᠣᠯᠠᠨ ᠲᠦᠮᠡᠨ ︽ᠭᠡᠷ ᠤᠨ ᠢᠶᠠᠨ ᠡᠭᠦᠳᠡᠨ ᠳᠤ ᠨᠠᠷᠠᠲᠤ ᠡᠮᠴᠢ ᠪᠠᠷ ᠡᠪᠡᠳᠴᠢᠨ ᠢᠶᠠᠨ ᠦᠵᠡᠭᠦᠯᠬᠦ︾᠎ ᠶᠢ ᠪᠡᠶᠡᠯᠡᠭᠦᠯᠪᠡ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠪᠡᠳᠴᠢᠲᠡᠳ ᠣᠷᠣᠨ ᠤ ᠭᠠᠳᠠᠨ᠎ᠠ ᠡᠪᠡᠳᠴᠢᠨ ᠢᠶᠠᠨ ᠦᠵᠡᠭᠦᠯᠬᠦ ᠳᠤ ᠭᠤᠣᠯ ᠰᠣᠩᠭᠤᠵᠤ ᠪᠠᠶᠢᠬᠤ ᠮᠤᠵᠢ ᠬᠤᠲᠠ ᠣᠷᠣᠨ ᠯᠤᠭ᠎ᠠ ᠨᠢ ᠬᠠᠷᠢᠴᠠᠭᠤᠯᠤᠨ᠂ ᠣᠷᠣᠨ ᠤ ᠭᠠᠳᠠᠨᠠᠬᠢ ᠨᠠᠩ ᠣᠯᠠᠨ᠂ ᠨᠠᠩ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠨ᠎ᠠ︔ ᠡᠭᠦᠨ ᠤ ᠬᠠᠮᠲᠤ᠂ ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ ᠳᠠᠭᠠᠭᠤᠯᠵᠤ ᠵᠢᠭᠠᠨ ᠰᠤᠷᠭᠠᠬᠤ᠂ ᠭᠠᠳᠠᠭᠰᠢ ᠲᠣᠮᠢᠯᠠᠨ ᠪᠣᠯᠪᠠᠰᠤᠷᠠᠭᠤᠯᠬᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰ ᠨᠤᠲᠤᠭ ᠣᠷᠣᠨ ᠤ ᠨᠠᠩ ᠣᠯᠠᠨ ᠲᠤᠰᠬᠠᠢ ᠮᠡᠷᠭᠡᠵᠢᠯᠲᠡᠨ ᠢ ᠴᠢᠷᠮᠠᠶᠢᠨ ᠬᠥᠮᠥᠵᠢᠭᠦᠯᠵᠦ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠰᠠᠨᠠᠭ᠎ᠠ ᠶᠢ ᠨᠢ ᠠᠮᠤᠷ ᠲᠠᠶᠢᠪᠤᠭᠤ ᠪᠣᠯᠭᠠᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠰᠠ ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ︽ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ︾᠎ ᠶᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ᠂ ᠬᠢᠲᠠᠳ ᠡᠮ ᠡᠮᠨᠡᠯᠭᠡ ᠶᠢ ᠤᠯᠠᠮᠵᠢᠯᠠᠨ ᠰᠢᠨ᠎ᠡ ᠶᠢ ᠡᠭᠦᠳᠴᠦ ᠬᠥᠭᠵᠢᠭᠦᠯᠬᠦ ᠲᠣᠭᠲᠠᠴᠠ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠢ ᠦᠨᠡᠨ ᠬᠦ ᠳᠡᠭᠡᠭᠰᠢᠯᠡᠭᠦᠯᠦᠨ᠎ᠡ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ