ᠠᠷᠤᠨ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠰᠠᠮᠠᠭᠤᠨ ᠦᠵᠡᠭᠳᠡᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/11/25
    ᠪᠥᠬᠦ ᠬᠤᠰᠢᠭᠤᠨ ᠤ ᠣᠷᠣᠰᠢᠭᠤᠯᠭ᠎ᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠤᠨ᠂ ᠰᠠᠬᠢᠯᠭ᠎ᠠ ᠪᠠᠲᠤ ᠬᠠᠤᠯᠢ ᠲᠦᠷᠢᠮ ᠠᠴᠠ ᠵᠥᠷᠢᠴᠡᠭᠰᠡᠨ ᠰᠦᠪᠡᠭᠴᠢ ᠶᠢ ᠴᠤᠭᠯᠠᠭᠤᠯᠬᠤ ᠶᠢ ᠴᠢᠩᠭᠠᠳᠬᠠᠵᠤ᠂ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠰᠠᠮᠠᠭᠤᠨ ᠦᠵᠡᠭᠳᠡᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠲᠣ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠪᠠ ᠢᠯᠡᠴᠢᠯᠡᠨ ᠮᠡᠳᠡᠭᠦᠯᠬᠦ ᠱᠠᠭᠠᠷᠳᠠᠯᠭ᠎ᠠ ᠶᠢ ᠳᠤᠤᠷᠠᠬᠢ ᠮᠡᠲᠦ ᠵᠠᠷᠯᠠᠶ᠎ᠠ᠃    ᠨᠢᠭᠡ᠂ ᠠᠰᠠᠭᠤᠳᠠᠯ ᠤᠨ ᠰᠦᠪᠡᠭᠴᠢ ᠶᠢ ᠡᠯᠰᠡᠬᠦ ᠴᠠᠭ    ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠃    ᠬᠤᠶᠠᠷ᠂ ᠠᠰᠠᠭᠤᠳᠠᠯ ᠤᠨ ᠰᠦᠪᠡᠭᠴᠢ ᠴᠤᠭᠯᠠᠭᠤᠯᠬᠤ ᠬᠡᠪᠴᠢᠶ᠎ᠡ     1 . ᠣᠷᠣᠰᠢᠭᠤᠯᠭ᠎ᠠ ᠶᠢᠨ ᠦᠶ᠋ᠯᠡᠴᠢᠯᠡᠭᠡᠨ ᠤ ᠪᠠᠶᠢᠭᠤᠯᠤᠮᠵᠢ ᠳᠡᠭᠳᠡᠭᠡᠭᠰᠡᠨ ᠭᠡᠷᠡᠴᠢ ᠶᠢ ᠬᠤᠳᠠᠯ ᠢᠶᠠᠷ ᠪᠢᠴᠢᠵᠦ᠂ ᠬᠠᠭᠤᠷᠮᠠᠭᠯᠠᠨ ᠵᠣᠬᠢᠶᠠᠵᠤ᠂ ᠬᠤᠳᠠᠯᠳᠤᠭᠠᠯᠠᠭᠰᠠᠨ︔    2 . ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠣᠷᠣᠰᠢᠭᠤᠯᠭ᠎ᠠ ᠶᠢᠨ ᠲᠥᠬᠦᠭᠡᠷᠦᠮᠵᠢ ᠳᠤ ᠬᠡᠷᠡᠭᠯᠡᠬᠦ ᠠᠵᠢᠯᠯᠠᠭ᠎ᠠ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ︔    3 . ᠵᠥᠪᠰᠢᠶᠡᠷᠡᠭᠦᠯᠦᠭᠡᠳᠦᠶ ᠪᠠᠷ ᠨᠡᠶᠢᠲᠡ ᠶᠢᠨ ᠣᠩᠭᠤᠨ ᠪᠠᠶᠢᠭᠤᠯᠬᠤ᠂ ᠬᠠᠤᠯᠢ ᠪᠤᠰᠤ ᠪᠠᠷ ᠭᠠᠵᠠᠷ ᠡᠵᠡᠯᠡᠨ ᠨᠡᠶᠢᠲᠡ ᠶᠢᠨ ᠣᠩᠭᠤᠨ ᠢ ᠥᠷᠭᠡᠳᠬᠡᠨ ᠪᠠᠶᠢᠭᠤᠯᠬᠤ︔    4 . ᠣᠷᠣᠰᠢᠭᠤᠯᠭ᠎ᠠ ᠶᠢᠨ ᠬᠦᠷᠢᠶᠡᠨ ᠳᠤ ᠠᠯᠪᠠᠳᠠᠯᠭ᠎ᠠ ᠪᠠᠷ ᠲᠠᠸᠠᠷ ᠪᠤᠶᠤ ᠦᠢᠯᠡᠴᠢᠯᠡᠭᠡ ᠬᠤᠳᠠᠯᠳᠤᠭᠠᠯᠠᠵᠤ᠂ ᠬᠠᠷ᠎ᠠ ᠬᠠᠷᠭᠢᠰ ᠬᠦᠴᠦᠨ ᠳᠤ ᠬᠤᠯᠪᠣᠭᠳᠠᠭᠰᠠᠨ ᠂ ᠬᠡᠭᠦᠷ ᠢ ᠳᠤᠷᠤᠮᠵᠢᠯᠠᠭᠰᠠᠨ᠂ ᠬᠡᠭᠦᠷ ᠪᠤᠶᠤ ᠬᠡᠭᠦᠷ ᠤᠨ ᠡᠷᠬᠡᠲᠡᠨ᠂ ᠵᠣᠬᠢᠶᠠᠨ ᠪᠠᠶᠢᠭᠤᠯᠤᠯᠲᠠ ᠶᠢ ᠬᠤᠳᠠᠯᠳᠤᠭᠠᠯᠠᠭᠰᠠᠨ︔    5 . ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠥᠬᠡᠶ ᠪᠠᠷ ᠴᠢᠨᠳᠠᠷ ᠢ ᠰᠢᠢᠳᠪᠦᠷᠢᠯᠡᠬᠦ ᠪᠠ ᠣᠷᠣᠰᠢᠭᠤᠯᠭ᠎ᠠ ᠶᠢᠨ ᠠᠵᠢᠯᠯᠠᠭ᠎ᠠ ᠬᠢᠬᠦ︔    6 . ᠣᠯᠠᠨ ᠲᠦᠮᠡᠨ ᠤ ᠲᠣᠰᠬᠠᠯ ᠶᠡᠬᠡᠲᠡᠢ ᠣᠷᠣᠰᠢᠭᠤᠯᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠬᠦ ᠦᠭᠡᠢ᠂ ᠣᠷᠣᠰᠢᠭᠤᠯᠭ᠎ᠠ ᠶᠢᠨ ᠶᠠᠪᠤᠳᠠᠯ ᠢ ᠰᠢᠢᠳᠪᠦᠷᠢᠯᠡᠬᠦ ᠳᠡᠭᠡᠨ ᠣᠯᠠᠨ ᠲᠦᠮᠡᠨ ᠳᠤ ᠬᠠᠨᠳᠤᠬᠤ ᠣᠪᠣᠷ ᠨᠢ ᠮᠠᠭᠤ᠂ ᠳᠥᠭᠦᠮ ᠪᠦᠳᠦᠭᠦᠯᠢᠭ ᠪᠥᠭᠡᠳ ᠮᠠᠭᠤ ᠨᠥᠯᠥᠭᠡ ᠭᠠᠷᠭᠠᠭᠰᠠᠨ ᠲᠠᠯ᠎ᠠ ᠶᠢᠨ ᠣᠷᠣᠰᠢᠭᠤᠯᠭ᠎ᠠ ᠶᠢᠨ ᠬᠡᠷᠡᠭᠰᠡᠯ ᠤᠨ ᠬᠠᠩᠭᠠᠭᠴᠢ ᠬᠤᠳᠠᠯᠳᠤᠭᠠᠴᠢᠨ ᠪᠠ ᠦᠢᠯᠡᠴᠢᠯᠡᠭᠡ ᠬᠠᠩᠭᠠᠭᠴᠢ ᠨᠢ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠬᠢᠭᠰᠡᠨ᠃ ᠬᠡᠭᠦᠷ ᠤᠨ ᠢᠷᠡᠯᠲᠡ ᠶᠢ ᠪᠤᠯᠢᠶᠠᠯᠳᠤᠵᠤ᠂ ᠲᠣᠳᠣᠷᠬᠠᠶ ᠦᠨ᠎ᠡ ᠬᠠᠳᠠᠬᠤ ᠦᠭᠡᠢ᠂ ᠲᠩᠷᠢ ᠲᠤᠯᠤᠮ᠎ᠠ ᠦᠨ᠎ᠡ ᠬᠡᠯᠡᠨ᠎ᠡ︔    7 . ᠣᠷᠣᠰᠢᠭᠤᠯᠭ᠎ᠠ ᠶᠢᠨ ᠦᠶ᠋ᠯᠡᠴᠢᠯᠡᠭᠡᠨ ᠤ ᠪᠠᠶᠢᠭᠤᠯᠤᠮᠵᠢ ᠨᠢ ᠣᠷᠣᠰᠢᠭᠤᠯᠭ᠎ᠠ ᠶᠢᠨ ᠬᠠᠷᠢᠶ᠎ᠠ ᠶᠢᠨ ᠬᠠᠤᠯᠢ ᠶᠣᠰᠣᠨ ᠤ ᠣᠷᠣᠰᠢᠭᠤᠯᠭ᠎ᠠ ᠶᠢᠨ ᠬᠡᠷᠡᠭᠰᠡᠯ ᠢ ᠥᠪᠡᠰᠦᠪᠡᠨ ᠠᠪᠴᠤ ᠶᠠᠪᠤᠬᠤ᠂ ᠲᠣᠭᠲᠠᠭᠠᠯ ᠢ ᠵᠥᠷᠢᠴᠡᠨ ᠠᠪᠰᠠ᠂ ᠹᠧᠣᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ᠂ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠦᠢᠯᠡᠴᠢᠯᠡᠭᠡ ᠬᠠᠩᠭᠠᠬᠤ᠂ ᠴᠢᠨᠳᠠᠷ ᠢ ᠲᠤᠰᠴᠤ ᠵᠥᠭᠡᠭᠡᠪᠦᠷᠢᠯᠡᠬᠦ᠂ ᠬᠠᠳᠠᠭᠠᠯᠠᠬᠤ᠂ ᠳᠡᠭᠳᠡᠭᠡᠬᠦ ᠪᠠ ᠣᠷᠣᠰᠢᠭᠤᠯᠬᠤ ᠵᠡᠷᠭᠡ ᠶᠠᠪᠤᠴᠠ ᠳᠤ ᠵᠠᠪᠰᠢᠶᠠᠨ ᠢ ᠳᠠᠯᠢᠮᠳᠠᠭᠤᠯᠤᠨ ᠣᠯᠠᠨ ᠲᠦᠮᠡᠨ ᠢ ᠭᠠᠴᠢᠵᠤ ᠨᠡᠬᠡᠭᠰᠡᠨ︔    8 . ᠣᠷᠣᠰᠢᠭᠤᠯᠭ᠎ᠠ ᠶᠢᠨ ᠬᠡᠷᠡᠭᠰᠡᠯ ᠤᠨ ᠬᠠᠩᠭᠠᠯᠭ᠎ᠠ ᠶᠢᠨ ᠬᠤᠳᠠᠯᠳᠤᠭᠠᠴᠢᠨ ᠪᠠ ᠦᠢᠯᠡᠴᠢᠯᠡᠭᠡ ᠬᠠᠩᠭᠠᠬᠤ ᠲᠠᠯ᠎ᠠ ᠨᠢ ᠵᠢᠩᠬᠢᠨᠢ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯᠲᠠᠨ ᠢᠶᠠᠷ ᠣᠪᠯᠠᠵᠤ ᠣᠷᠣᠰᠢᠭᠤᠯᠭ᠎ᠠ ᠶᠢᠨ ᠦᠢᠯᠡᠴᠢᠯᠡᠭᠡ ᠥᠷᠨᠢᠭᠦᠯᠵᠦ᠂ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠵᠤ᠂ ᠣᠷᠣᠰᠢᠭᠤᠯᠭ᠎ᠠ ᠶᠢᠨ ᠬᠡᠷᠡᠭᠰᠡᠯ ᠢ ᠥᠨᠳᠥᠷ ᠦᠨ᠎ᠡ ᠪᠠᠷ ᠬᠤᠳᠠᠯᠳᠤᠨ ᠠᠪᠴᠤ᠂ ᠣᠷᠣᠰᠢᠭᠤᠯᠭ᠎ᠠ ᠶᠢᠨ ᠬᠡᠷᠡᠭᠰᠡᠯ ᠢ ᠶᠡᠭᠡ ᠪᠠᠷ ᠬᠢᠬᠦ ᠪᠤᠶᠤ ᠮᠤᠬᠤᠷ ᠪᠢᠰᠢᠷᠡᠯ ᠤᠨ ᠠᠵᠢᠯᠯᠠᠭ᠎ᠠ ᠬᠢᠬᠦ ᠶᠢ ᠥᠳᠥᠭᠡᠨ ᠲᠠᠲᠠᠭᠰᠠᠨ︔    9 . ᠲᠣᠭᠲᠠᠭᠠᠭᠰᠠᠨ ᠲᠠᠯᠠᠪᠠᠶ ᠠᠴᠠ ᠬᠡᠲᠦᠷᠡᠭᠰᠡᠨ ᠣᠩᠭᠤᠨ ᠤ ᠪᠠᠶᠢᠷᠢ ᠶᠢ ᠪᠠᠶᠢᠭᠤᠯᠬᠤ᠂ ᠬᠤᠳᠠᠯᠳᠤᠬᠤ᠂ ᠠᠮᠢᠳᠤ ᠬᠥᠮᠦᠨ ᠤ ᠣᠩᠭᠤᠨ᠂ ᠲᠩᠷᠢ ᠶᠢᠨ ᠦᠨᠡᠲᠦ ᠣᠩᠭᠤᠨ ᠢ ᠬᠤᠳᠠᠯᠳᠤᠭᠰᠠᠨ︔    10 . ᠣᠷᠣᠰᠢᠭᠤᠯᠭ᠎ᠠ ᠶᠢᠨ ᠦᠶ᠋ᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠪᠤᠰᠤᠳ ᠢᠯᠵᠠᠷᠠᠯ ᠪᠠ ᠰᠤᠷᠲᠠᠯ ᠤᠨ ᠠᠰᠠᠭᠤᠳᠠᠯ᠃    ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ    ᠢᠯᠡᠴᠢᠯᠡᠨ ᠮᠡᠳᠡᠭᠦᠯᠬᠦ ᠤᠲᠠᠰᠤ᠄ 0470 - 4258702    ᠰᠢᠦᠳᠠᠨ ᠬᠠᠶᠢᠷᠴᠠᠭ ᠄ arqshsw @ 163 . com    ᠴᠢᠮᠡᠭᠡ ᠨᠡᠪᠲᠡᠷᠡᠯᠭᠡ ᠶᠢᠨ ᠬᠠᠶ᠋ᠢᠭ᠄ ᠠᠷᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠶᠠᠪᠤᠳᠠᠯ ᠤᠨ ᠠᠯᠪᠠᠨ ᠭᠡᠷ     ᠰᠢᠦᠳᠠᠨ ᠨᠣᠮᠧᠷ᠄ 162750    ᠤᠲᠠᠰᠤ ᠪᠠᠷ ᠢᠯᠡᠴᠢᠯᠡᠨ ᠮᠡᠳᠡᠭᠦᠯᠬᠦ ᠪᠠ ᠲᠣᠬᠠᠢ ᠶᠢᠨ ᠭᠠᠵᠠᠷ ᠲᠤ ᠬᠦᠷᠴᠦ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠴᠠᠭ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠪᠣᠯᠤᠨ᠎ᠠ᠂ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30 - 17᠄ 30᠃    ᠳᠦᠷᠪᠡ᠂ ᠢᠯᠡᠴᠢᠯᠡᠨ ᠮᠡᠳᠡᠭᠦᠯᠬᠦ ᠱᠠᠭᠠᠷᠳᠠᠯᠭ᠎ᠠ     ᠳᠡᠭᠡᠷᠡᠬᠢ ᠢᠯᠡᠴᠢᠯᠡᠨ ᠮᠡᠳᠡᠭᠦᠯᠦᠯᠲᠡ ᠶᠢ ᠭᠤᠤᠯᠳᠠᠭᠤ ᠪᠥᠬᠦ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠠᠰᠠᠭᠤᠳᠠᠯ ᠤᠨ ᠰᠦᠪᠡᠭᠴᠢ ᠶᠢ ᠭᠥᠯᠢᠶᠡᠨ ᠠᠪᠴᠤ ᠰᠢᠶ᠋ᠳᠪᠦᠷᠢᠯᠡᠨ᠎ᠡ᠂ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠤᠲᠠᠰᠤ ᠂ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠪᠤᠶᠤ ᠨᠡᠷ᠎ᠡ ᠪᠤᠷᠤᠭᠤᠯᠠᠨ ᠢᠯᠡᠴᠢᠯᠡᠨ ᠮᠡᠳᠡᠭᠦᠯᠬᠦ ᠶᠢᠨ ᠬᠠᠮᠲᠤ ᠭᠡᠷᠡᠴᠢ ᠪᠠᠢᠬᠤ ᠬᠡᠷᠡᠭᠲᠡᠢ᠃ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠳᠤ ᠥᠪᠡᠷ ᠤᠨ ᠣᠪᠣᠭ ᠨᠡᠷ᠎ᠡ ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ ᠠᠷᠭ᠎ᠠ ᠵᠡᠷᠭᠡ ᠪᠠᠨ ᠬᠠᠩᠭᠠᠬᠤ ᠬᠡᠷᠡᠭᠲᠡᠶ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠢᠯᠡᠴᠢᠯᠡᠨ ᠮᠡᠳᠡᠭᠦᠯᠦᠭᠳᠡᠭᠴᠢ ᠶᠢᠨ ᠣᠪᠣᠭ ᠨᠡᠷ᠎ᠡ ᠲᠣᠳᠣᠷᠬᠠᠶ ᠪᠠᠶᠢᠬᠤ ᠬᠡᠷᠡᠭᠲᠡᠶ᠂ ᠬᠠᠤᠯᠢ ᠰᠠᠬᠢᠯᠭ᠎ᠠ ᠠᠴᠠ ᠵᠥᠷᠢᠴᠡᠭᠰᠡᠨ ᠪᠣᠳᠠᠲᠤ ᠶᠠᠪᠤᠳᠠᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠪᠠ ᠰᠦᠪᠡᠭᠴᠢ ᠵᠡᠷᠭᠡ ︵ᠬᠠᠮᠢᠶ᠎ᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠠᠮᠲᠤ ᠳᠤᠨᠢ ᠲᠤᠰᠢᠶᠠᠭᠠᠷᠠᠢ︶ ᠶᠢ ᠪᠢᠳᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠬᠦᠯᠢᠶᠡᠨ ᠠᠪᠴᠤ ᠰᠢᠶ᠋ᠳᠪᠦᠷᠢᠯᠡᠨ᠎ᠡ᠂ ᠡᠭᠦᠨ ᠤ ᠬᠠᠮᠲᠤ ᠢᠯᠡᠴᠢᠯᠡᠨ ᠮᠡᠳᠡᠭᠦᠯᠦᠭᠰᠡᠨ ᠬᠥᠮᠦᠨ ᠤ ᠬᠤᠪᠢ ᠬᠥᠮᠦᠨ ᠤ ᠮᠡᠳᠡᠭᠡ ᠵᠠᠩᠭᠢ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠡᠭᠦᠨ ᠤ ᠬᠠᠮᠲᠤ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠶ᠂ ᠬᠡᠷᠡᠭ ᠤᠴᠢᠷ ᠵᠣᠬᠢᠶᠠᠵᠤ᠂ ᠭᠦᠳᠬᠡᠨ ᠵᠠᠭᠠᠯᠳᠤᠵᠤ ᠬᠤᠤᠷᠯᠠᠵᠤ ᠪᠣᠯᠬᠤ ᠦᠭᠡᠶ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                 ᠠᠷᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                                 2024 ᠣᠨ ᠤ 11 ᠰᠠᠷ᠎ᠠ ᠶᠢᠨ 22 ᠤᠨ ᠡᠳᠦᠷ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ