ᠠᠷᠤᠨ ᠬᠤᠰᠢᠭᠤᠨ ᠤ 2024 ᠣᠨ ᠤ 1 - 10 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2024/11/25
    ᠡᠨᠡ ᠵᠢᠯ ᠠᠴᠠ ᠨᠠᠭᠠᠰᠢ᠂ ᠠᠷᠤᠨ ᠬᠤᠰᠢᠭᠤ ᠠᠵᠤ ᠠᠬᠤᠶ ᠶᠢ ᠠᠳᠬᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠵᠢᠯ ᠲᠥᠷᠥᠯ ᠤᠨ ᠠᠵᠤ ᠠᠬᠤᠶ ᠶᠢ ᠬᠥᠭᠵᠢᠭᠦᠯᠬᠦ ᠢᠳᠡᠪᠬᠢᠵᠢᠯ ᠢ ᠳᠠᠶᠢᠴᠢᠯᠠᠨ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠢᠳᠡᠷᠡᠭᠦᠨ ᠢᠶᠠᠷ ᠨᠡᠮᠡᠭᠳᠡᠪᠡ    1-10 ᠰᠠᠷ᠎ᠠ ᠳᠤ᠂ ᠠᠷᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17 . 8 % ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 2 . 3 ᠵᠠᠭᠤᠨ ᠤ ᠴᠡᠭ ᠳᠡᠭᠡᠭᠰᠢᠯᠡᠪᠡ᠃ ᠭᠤᠷᠪᠠᠨ ᠶᠡᠭᠡ ᠲᠥᠷᠥᠯ ᠠᠴᠠ ᠦᠵᠡᠪᠡᠯ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 211 . 4 % ᠪᠠᠷ ᠨᠡᠮᠡᠭᠳᠡᠵᠦ᠂ ᠦᠢᠯᠡᠳᠬᠦ ᠦᠢᠯᠡᠰ 11 . 2 % ᠢᠶᠠᠷ ᠨᠡᠮᠡᠭᠳᠡᠵᠦ᠂ ᠠᠭᠤᠷᠬᠠᠶ ᠮᠠᠯᠲᠠᠬᠤ ᠦᠢᠯᠡᠰ 9 . 9 % ᠪᠠᠷ ᠪᠠᠭᠤᠷᠠᠪᠠ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠴᠤᠬᠤᠢ᠂ ᠲᠤᠲᠤᠷᠭ᠎ᠠ᠂ ᠬᠢᠮᠢ ᠶᠢᠨ ᠤᠷᠪᠠᠯᠵᠢ ᠪᠠ ᠰᠢᠨ᠎ᠡ ᠰᠣᠷᠭᠤᠭ ᠬᠦᠢᠳᠡᠨ ᠢᠶᠠᠷ ᠬᠠᠳᠠᠭᠠᠯᠠᠬᠤ ᠮᠢᠬ᠎ᠠ ᠲᠤᠰ ᠲᠤᠰ 62 . 5 %᠂ 63 . 0 %᠂ 61 . 3 % ᠪᠠ 39 . 2 % ᠢᠶᠠᠷ ᠨᠡᠮᠡᠭᠳᠡᠪᠡ᠃    ᠬᠤᠶᠠᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠪᠠ    1 - 10 ᠳ᠋ᠤᠭᠠᠷ ᠰᠠᠷ᠎ᠠ ᠪᠣᠯᠲᠠᠯ᠎ᠠ᠂ ᠠᠷᠤᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 30 . 99 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2 . 6 % ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 14 . 2 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠬᠤᠲᠠ ᠶᠢᠨ ᠲᠠᠰ ᠤᠨ ᠲᠥᠷᠥᠯ ᠵᠦᠢᠯ ᠢ 28 . 38 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠰᠢᠭᠤᠨ ᠤ ᠲᠠᠰ ᠤᠨ ᠲᠥᠷᠥᠯ ᠵᠦᠢᠯ ᠢ 0 . 51 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠤᠰᠤᠳ ᠲᠥᠷᠥᠯ ᠵᠦᠢᠯ ᠢ 2 . 10 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 17 . 61 ᠳ᠋ᠦᠩᠰᠢᠭᠤᠷ ᠲᠥᠭᠦᠷᠢᠭ ᠪᠡᠶᠡᠯᠡᠭᠦᠯᠵᠦ᠂ 30 . 1 % ᠨᠡᠮᠡᠭᠳᠡᠪᠡ᠃    ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠳᠡᠭᠡᠭᠰᠢᠯᠡᠪᠡ    1-10 ᠰᠠᠷ᠎ᠠ ᠳᠤ᠂ ᠠᠷᠤᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 19 . 01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 9 % ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0 . 1 ᠵᠠᠭᠤᠨ ᠤ ᠴᠡᠭ ᠳᠡᠭᠡᠭᠰᠢᠯᠡᠪᠡ᠃ ᠭᠡᠷ ᠤᠨ ᠴᠠᠬᠢᠯᠭᠠᠨ ᠬᠡᠷᠡᠭᠰᠡᠯ ᠪᠣᠯᠤᠨ ᠮᠠᠰᠢᠨ ᠲᠡᠷᠭᠡ ᠶᠢ ︽ᠬᠠᠭᠤᠴᠢᠨ ᠢᠶᠠᠷ ᠰᠢᠨ᠎ᠡ ᠶᠢ ᠰᠣᠯᠢᠬᠤ︾᠂ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠲᠡᠷᠭᠡ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭ ᠵᠢᠴᠢ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭ ᠲᠠᠷᠬᠠᠭᠠᠬᠤ ᠵᠡᠷᠭᠡ ᠣᠯᠠᠨ ᠵᠦᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠠᠴᠠ ᠦᠵᠡᠪᠡᠯ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 62 . 1 % ᠨᠡᠮᠡᠭᠳᠡᠵᠦ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 216 . 1 % ᠨᠡᠮᠡᠭᠳᠡᠪᠡ᠃    ᠳᠥᠷᠪᠡ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠵᠢᠯᠯᠠᠭᠠᠨ ᠲᠣᠭᠲᠠᠭᠤᠨ ᠪᠠᠢᠨ᠎ᠠ    ᠠᠷᠤᠨ ᠬᠤᠰᠢᠭᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3 . 29 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1 . 5 % ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 45 . 02 ᠳ᠋ᠦᠩᠰᠢᠭᠤᠷ ᠲᠥᠭᠦᠷᠢᠭ ᠲᠣᠬᠢᠷᠠᠭᠤᠯᠵᠤ᠂ 0 . 1 % ᠨᠡᠮᠡᠭᠳᠡᠪᠡ᠃ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 185 . 62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 . 9 % ᠪᠠᠷ ᠨᠡᠮᠡᠭᠳᠡᠪᠡ᠂ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 166 . 58 ᠳ᠋ᠦᠩᠰᠢᠭᠤᠷ ᠲᠥᠭᠦᠷᠢᠭ ᠲᠤ ᠬᠦᠷᠴᠦ᠂ 12 . 4 % ᠪᠠᠷ ᠨᠡᠮᠡᠭᠳᠡᠪᠡ︔ ᠪᠠᠩᠬᠢ ᠶᠢᠨ ᠵᠢᠭᠡᠯᠡᠯᠭᠡ ᠶᠢᠨ ᠦᠯᠡᠳᠡᠪᠦᠷᠢ 130 . 78 ᠳ᠋ᠦᠩᠰᠢᠭᠤᠷ ᠲᠥᠭᠦᠷᠢᠭ ᠲᠤ ᠬᠦᠷᠴᠦ᠂ 20 . 0 % ᠢᠶᠠᠷ ᠨᠡᠮᠡᠭᠳᠡᠪᠡ︔ ᠬᠠᠳᠠᠭᠠᠯᠠᠮᠵᠢ ᠵᠢᠭᠡᠯᠡᠯᠭᠡ ᠶᠢᠨ ᠳᠤᠮᠳᠠᠴᠢ ᠦᠯᠡᠳᠡᠪᠦᠷᠢ ᠲᠤᠭ᠎ᠠ ᠶᠢ 11 . 8 % ᠪᠠᠷ ᠨᠡᠮᠡᠭᠳᠡᠪᠡ᠃    ᠶᠡᠷᠦᠩᠬᠡᠶ ᠳᠤᠨᠢ ᠠᠪᠴᠤ ᠦᠵᠡᠪᠡᠯ᠂ 1-10 ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠭᠤᠤᠯ ᠭᠦᠢᠴᠡᠳᠭᠡᠯ ᠲᠤᠭ᠎ᠠ ᠳᠠᠬᠢᠨ ᠳᠡᠭᠡᠭᠰᠢᠯᠡᠵᠦ ᠰᠠᠶᠢᠵᠢᠷᠠᠪᠠ᠃ ᠲᠠᠷᠠᠭᠠᠴᠢ ᠶᠢᠨ ᠱᠠᠲᠤᠨ ᠳᠤ᠂ ᠠᠷᠤᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠶᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠶᠢᠮᠠᠳᠤᠭᠠᠷ ᠪᠥᠬᠦᠳᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ᠎ᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ