ᠶᠡᠷᠦᠩᠬᠡᠢ ᠱᠦᠵᠢ ᠰᠢ ᠶᠢᠨ ᠫᠢᠩ ︽ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ︾ ᠭᠡᠵᠦ ᠴᠢᠬᠤᠯᠠᠴᠢᠯᠠᠪᠠ | ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ | ᠪᠠᠷᠢᠮᠲᠠᠯᠠᠵᠤ᠂ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ︾᠂ ︽ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ︾ ᠭᠡᠵᠦ ᠳᠤᠷᠠᠳᠴᠤ᠂ ᠥᠪᠥᠷ ᠮᠣᠩᠭᠤᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠦᠢᠯᠡᠴᠢᠯᠡᠬᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠠᠭᠤᠰᠤᠯᠴᠠᠬᠤ ᠳᠤ ᠪᠠᠶᠢᠯᠳᠤᠬᠤ ᠪᠣᠳᠣᠯᠭ᠎ᠠ ᠶᠢᠨ ᠴᠢᠭᠯᠡᠯ ᠢ ᠵᠢᠭᠠᠵᠤ ᠥᠭᠭᠦᠭᠰᠡᠨ ᠪᠥᠭᠡᠳ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ | ᠬᠤᠶᠠᠷ ᠶᠡᠭᠡ ᠶᠠᠪᠤᠳᠠᠯ︾ ᠢ ᠤᠷᠤᠭᠰᠢᠲᠠᠢ ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠵᠠᠢ᠃ ᠥᠪᠥᠷ ᠮᠣᠩᠭᠤᠯ ᠤᠮᠠᠷᠠᠰᠢ ᠨᠡᠭᠡᠭᠡᠯᠲᠡ ᠬᠢᠬᠦ | ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠥᠷᠥ ᠪᠣᠯᠭᠠᠨ ᠠᠳᠬᠤᠵᠤ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢ ᠪᠠᠲᠤᠯᠠᠵᠤ᠂ | ᠬᠢᠯᠢ ᠳᠠᠭᠠᠤ ᠶᠢᠨ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠴᠢᠷᠮᠠᠶᠢᠨ ᠴᠣᠭᠴᠠᠯᠠᠬᠤ ᠬᠡᠷᠡᠭᠲᠡᠢ᠃ | ᠨᠢᠭᠡ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ | ᠢᠯᠡᠭᠦᠦ ᠨᠡᠩ ᠭᠤᠣᠯᠴᠢ ᠪᠠᠷ ᠬᠦᠷᠲᠡᠭᠡᠬᠦ ᠶᠢ ᠦᠨᠡᠨ ᠬᠦ ᠪᠠᠲᠤᠯᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠡᠭᠦᠷᠭᠡ ᠮᠥᠨ᠃ ᠥᠭᠡᠷᠡᠴᠢᠯᠡᠯᠲᠡ ᠨᠡᠭᠡᠭᠡᠯᠲᠡ ᠶᠢᠨ ᠡᠴᠦᠰ ᠤᠨ ᠬᠠᠷᠠᠯᠲᠠ ᠪᠣᠯ ᠬᠥᠭᠵᠢᠭᠦᠯᠬᠦ ᠶᠠᠪᠤᠳᠠᠯ | ᠮᠥᠨ᠂ ᠬᠥᠭᠵᠢᠭᠦᠯᠬᠦ ᠶᠢᠨ ᠵᠣᠷᠢᠯᠭ᠎ᠠ ᠨᠢ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠭᠦ ᠳᠤ ᠪᠤᠢ᠃ ᠣᠳᠣᠬᠠᠨ ᠳᠤ ᠥᠪᠥᠷ ᠮᠣᠩᠭᠤᠯ ᠤᠨ ᠡᠯ᠎ᠡ | ᠭᠠᠵᠠᠷ ᠣᠷᠣᠨ ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ ᠲᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ | ᠮᠥᠨ ᠮᠠᠰᠢ ᠤᠯᠠᠨ ᠳᠤᠲᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠶᠢᠨ ᠬᠠᠮᠲᠤ᠂ ᠡᠷᠬᠡᠪᠰᠢ ᠬᠢᠯᠢ ᠳᠠᠭᠠᠤ ᠶᠢᠨ ᠠᠷᠠᠳ ᠲᠦᠮᠡᠨ ᠳᠤ ᠭᠠᠳᠠᠭᠠᠳᠤ ᠪᠡᠯᠡ᠂ ᠲᠡᠷᠢᠭᠦᠨ ᠤ ᠮᠡᠷᠭᠡᠵᠢᠯ ᠵᠢᠴᠢ ᠬᠠᠮᠢᠶᠠᠷᠤᠯᠲᠠ ᠶᠢᠨ | ᠲᠤᠷᠰᠢᠯᠭ᠎ᠠ ᠠᠴᠠ ᠣᠯᠣᠭᠰᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠦᠲᠦᠮᠵᠢᠲᠡᠢ ᠡᠳ᠋ᠯᠡᠭᠦᠯᠵᠦ᠂ ᠭᠠᠵᠠᠷ ᠣᠷᠣᠨ ᠤ ᠵᠥᠷᠢᠶ᠎ᠡ᠂ ᠬᠤᠲᠠ ᠬᠥᠳᠡᠭᠡ ᠶᠢᠨ | ᠵᠥᠷᠢᠶ᠎ᠡ ᠵᠢᠴᠢ ᠣᠷᠣᠯᠭ᠎ᠠ ᠶᠢᠨ ᠵᠥᠷᠢᠶ᠎ᠡ ᠶᠢ ᠪᠠᠭᠠᠰᠬᠠᠵᠤ᠂ ᠥᠭᠡᠷᠡᠴᠢᠯᠡᠯᠲᠡ ᠨᠡᠭᠡᠭᠡᠯᠲᠡ ᠳᠤᠮᠳᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ | ᠬᠢᠯᠢ ᠳᠠᠭᠠᠤ ᠣᠷᠣᠨ ᠤ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠬᠢᠯᠢ ᠳᠠᠭᠠᠤ ᠣᠷᠣᠨ ᠤ ᠠᠵᠤ ᠠᠬᠤᠢ ᠨᠡᠶᠢᠭᠡᠮ ᠢ ᠦᠨᠡᠨᠬᠦ ᠪᠦᠭᠦ ᠲᠠᠯ᠎ᠠ ᠪᠠᠷ ᠬᠥᠭᠵᠢᠭᠦᠯᠬᠦ ᠬᠡᠷᠡᠭᠲᠡᠢ᠃ | ᠬᠤᠶᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠢᠯᠢ ᠳᠠᠭᠠᠤ ᠶᠢᠨ ᠨᠡᠭᠡᠭᠡᠯᠲᠡ ᠬᠢᠬᠦ ᠴᠢᠳᠠᠪᠤᠷᠢ ᠪᠠᠨ ᠳᠠᠰᠣᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠨᠢᠭᠡ ᠳᠤ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠤᠯᠭᠠᠵᠤ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠡᠩ ᠲᠡᠷᠢᠭᠦᠨ ᠳᠤ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠲᠡᠭᠦᠯᠳᠡᠷᠵᠢᠭᠦᠯᠵᠦ᠂ ᠪᠣᠭᠤᠮᠲᠠ ᠶᠢᠨ ᠰᠢᠯᠭᠠᠨ ᠪᠠᠶᠢᠴᠠᠭᠠᠯᠲᠠ᠂ ᠪᠠᠷᠠᠭᠠᠨ ᠤ ᠭᠦᠢᠯᠭᠡᠭᠡ ᠬᠥᠮᠥᠷᠭᠡᠯᠡᠨ ᠬᠠᠳᠠᠭᠠᠯᠠᠬᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ | ᠵᠡᠷᠭᠡ ᠴᠢᠳᠠᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠪᠣᠭᠤᠮᠲᠠ ᠶᠢᠨ ᠵᠥᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠯᠢ ᠶᠢᠨ ᠵᠠᠰᠠᠮᠠᠯ ᠵᠠᠮ᠂ | ᠲᠡᠮᠦᠷ ᠵᠠᠮ᠂ ᠠᠭᠠᠷ ᠤᠨ ᠠᠶᠠᠯᠠᠯ ᠤᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠦᠷᠢᠯᠳᠦᠭᠦᠯᠵᠦ᠂ ᠪᠣᠭᠤᠮᠲᠠ ᠶᠢᠨ ︽ᠲᠥᠪᠯᠡᠷᠡᠭᠦᠯᠬᠦ ᠲᠠᠷᠬᠠᠭᠠᠬᠤ | ᠲᠡᠭᠡᠭᠡᠪᠦᠷᠢᠯᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠠᠷᠠᠭ᠎ᠠ ᠨᠢ᠂ ᠬᠢᠯᠢ ᠳᠠᠭᠠᠤ ᠨᠡᠭᠡᠭᠡᠯᠲᠡ ᠬᠢᠬᠦ ᠶᠢ ᠠᠬᠢᠭᠤᠯᠬᠤ ᠶᠠᠪᠤᠴᠠ ᠳᠤ᠂ ᠣᠲᠣ ᠦᠶ᠎ᠡ ᠶᠢᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢ ᠴᠢᠬᠤᠯᠠᠴᠢᠯᠠᠨ ᠬᠡᠷᠡᠭᠯᠡᠵᠦ᠂ ᠣᠶᠤᠨᠲᠤ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ | ᠪᠠᠶᠢᠭᠤᠯᠬᠤ᠂ ᠣᠯᠠᠨ ᠤᠯᠤᠰ ᠤᠨ ᠠᠷᠠᠯᠵᠢᠶᠠᠨ ᠤ ︽ᠨᠢᠭᠡᠯᠡ ᠴᠣᠩᠬᠤᠪᠴᠢ︾ ᠶᠢᠨ ᠴᠢᠳᠠᠮᠵᠢ ᠶᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠬᠢᠯᠢ ᠶᠢᠨ ᠪᠣᠭᠤᠮᠲᠠ ᠶᠢᠨ ᠡᠯᠧᠺᠳ᠋ᠷᠤᠨᠴᠢᠯᠡᠬᠤ᠂ ᠣᠶᠤᠨᠴᠢᠯᠠᠬᠤ ᠲᠦᠪᠰᠢᠨ ᠵᠢᠴᠢ ᠠᠮᠤᠷ ᠲᠦᠪᠰᠢᠨ ᠤ ᠪᠠᠶᠢᠴᠠᠭᠠᠯᠲᠠ ᠶᠢᠨ ᠣᠳᠣᠬᠢᠴᠢᠯᠠᠬᠤ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠪᠠᠷ ᠥᠩᠭᠡᠷᠡᠬᠦ ᠶᠢ ᠲᠥᠭᠦᠮ ᠪᠤᠯᠭᠠᠬᠤ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ᠂ ᠪᠣᠭᠤᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ | ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ᠂ ᠴᠢᠩᠭᠡᠯᠢᠭ᠂ ᠬᠢᠯᠢ ᠪᠠᠷ ᠣᠷᠣᠵᠤ | ᠭᠠᠷᠬᠤ ᠠᠶᠠᠨᠴᠢᠳ ᠵᠡᠷᠭᠡ ᠳ᠋ᠠᠶᠢᠲ᠋ᠠ ᠶᠢᠨ ᠡᠬᠢ ᠪᠠᠶᠠᠯᠢᠭ ᠢ ᠪᠤᠰᠤᠳ ᠪᠣᠭᠤᠮᠲᠠ ᠲᠠᠢ ᠬᠠᠷᠢᠯᠴᠠᠨ ᠨᠡᠪᠲᠡᠷᠡᠯᠴᠡᠭᠦᠯᠬᠦ ᠪᠠ ᠬᠠᠮᠲᠤ ᠪᠠᠷ ᠡᠳ᠋ᠯᠡᠵᠦ᠂ ᠡᠭᠦᠨ ᠢᠶᠠᠷ | ᠳᠠᠮᠵᠢᠭᠤᠯᠤᠨ ᠪᠣᠭᠤᠮᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠬᠢᠯᠢ ᠳᠠᠭᠠᠤ ᠨᠡᠭᠡᠭᠡᠯᠲᠡ ᠬᠢᠬᠦ ᠰᠢᠨ᠎ᠡ ᠥᠨᠳᠦᠷᠯᠢᠭ ᠤᠨ | ᠪᠠᠶᠢᠭᠤᠯᠤᠯᠲᠠ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠥᠷᠪᠡ ᠳᠤ᠂ ᠪᠣᠭᠤᠮᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠣᠲᠣᠷ᠎ᠠ ᠭᠠᠵᠠᠷ ᠲᠤ | ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠪᠠ ᠴᠢᠬᠤᠯᠠ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ ᠪᠠᠶᠢᠭᠤᠯᠵᠤ᠂ ᠡᠬᠢ ᠪᠠᠶᠠᠯᠢᠭ ᠢ ᠣᠨᠳᠣᠣᠰᠢᠭᠤᠯᠬᠤ | ᠬᠦᠷᠢᠶᠡᠯᠡᠩ ᠲᠣᠭᠤᠷᠢᠭ ᠤᠨ ᠲᠠᠰ ᠳᠡᠪᠰᠢᠬᠦ ᠶᠢ ᠠᠬᠢᠭᠤᠯᠵᠤ᠂ ᠨᠠᠩ ᠣᠯᠠᠨ ᠠᠵᠢᠯ ᠣᠯᠭᠤᠬᠤ ᠲᠣᠭᠢᠶᠠᠯ ᠬᠠᠩᠭᠠᠵᠤ᠂ ᠪᠣᠭᠤᠮᠲᠠ ᠵᠢᠴᠢ ᠡᠷᠭᠢᠨ ᠲᠣᠭᠤᠷᠢᠨ ᠤ | ᠭᠠᠵᠠᠷ ᠣᠷᠣᠨ ᠤ ᠠᠵᠤ ᠠᠬᠤᠢ ᠶᠢᠨ ᠴᠡᠴᠡᠭᠯᠡᠯᠲᠡ ᠬᠥᠭᠵᠢᠯᠲᠡ ᠶᠢ ᠳᠠᠶᠢᠴᠢᠯᠠᠵᠤ᠂ ᠪᠣᠭᠤᠮᠲᠠ ᠪᠠᠷ ᠳᠠᠶᠢᠴᠢᠯᠠᠬᠤ᠂ ᠳᠣᠲᠣᠷ ᠭᠠᠵᠠᠷ ᠢᠶᠠᠷ ᠲᠤᠯᠭᠠᠭᠤᠷᠢᠯᠠᠬᠤ᠂ | ᠬᠢᠯᠢ ᠬᠢᠵᠠᠭᠠᠷ ᠣᠷᠣᠨ ᠬᠤᠷᠰᠢᠯᠴᠠᠬᠤ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠵᠦ᠂ ᠡᠬᠡ ᠤᠯᠤᠰ ᠤᠨ ᠤᠮᠠᠷᠠᠲᠤ ᠬᠢᠯᠢ ᠳᠠᠭᠠᠤ ᠶᠢᠨ ᠨᠡᠭᠡᠭᠡᠯᠲᠡ ᠬᠢᠬᠦ ᠬᠠᠮᠤᠭ ᠤᠨ | ᠠᠮᠢᠵᠢᠷᠠᠯ ᠤᠨ ᠬᠦᠴᠦᠨ ᠲᠠᠢ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠤ ᠪᠦᠭᠦ ᠲᠠᠯ᠎ᠠ ᠪᠠᠷ ᠣᠷᠤᠯᠴᠠᠬᠤ ᠬᠡᠷᠡᠭᠲᠡᠢ᠃ ᠬᠤᠶᠠᠷ ᠲᠤ᠂ ᠰᠢᠨ᠎ᠡ ᠲᠤᠷᠰᠢᠯᠲᠠ ᠶᠢᠨ ᠣᠷᠣᠨ ᠪᠠᠶᠢᠭᠤᠯᠵᠤ ᠪᠦᠭᠦ ᠣᠷᠣᠨ ᠪᠦᠰᠡ ᠳᠤ | ᠨᠡᠭᠡᠭᠡᠯᠲᠡ ᠲᠠᠢ ᠭᠠᠳᠠᠭᠠᠳᠤ ᠲᠠᠪᠴᠠᠩ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ | ᠣᠷᠣᠨ ᠪᠠᠶᠢᠭᠤᠯᠤᠭᠰᠠᠨ ᠨᠢ ᠥᠪᠥᠷ ᠮᠣᠩᠭᠤᠯ ᠤᠨ ᠬᠥᠭᠵᠢᠯᠲᠡ ᠶᠢᠨ ᠪᠦᠭᠦ ᠲᠠᠯ᠎ᠠ ᠶᠢᠨ᠂ ᠪᠣᠰᠤᠭ᠎ᠠ ᠴᠣᠭᠴᠠᠲᠤ ᠭᠠᠳᠠᠭᠠᠳᠤ ᠨᠡᠭᠡᠭᠡᠯᠲᠡ ᠶᠢᠨ ᠰᠢᠰᠲ᠋ᠧᠮ ᠤᠨ | ᠲᠠᠪᠴᠠᠩ ᠤᠨ ᠳᠠᠪᠠᠭᠤᠯᠢᠭ᠂ ᠬᠢᠯᠢ ᠳᠠᠭᠠᠤ ᠭᠠᠵᠠᠷ ᠣᠷᠣᠨ ᠤ ᠭᠠᠳᠠᠭᠠᠳᠤ ᠨᠡᠭᠡᠭᠡᠯᠲᠡ ᠬᠢᠬᠦ ︽ᠲᠤᠷᠰᠢᠯᠲᠠ ᠶᠢᠨ ᠲᠠᠷᠢᠶ᠎ᠠ︾ ᠥᠪᠥᠷ ᠮᠣᠩᠭᠤᠯ ᠤᠨ ᠰᠢᠨ᠎ᠡ | ᠪᠠᠶᠢᠷᠢᠰᠢᠯ ᠳᠤ ᠠᠭᠤᠰᠤᠯᠴᠠᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠠᠴᠢᠶᠠᠯᠠᠪᠤᠷᠢ ᠪᠠᠶᠢᠵᠤ᠂ | ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠰᠢᠭᠤᠳ ᠳᠠᠶᠢᠴᠢᠯᠠᠵᠤ᠂ ᠬᠢᠯᠢ ᠬᠢᠵᠠᠭᠠᠷ ᠣᠷᠣᠨ ᠤ ᠨᠡᠭᠡᠭᠡᠯᠲᠡ ᠶᠢᠨ ᠲᠦᠪᠰᠢᠨ ᠢ ᠢᠯᠡᠳᠲᠡ | ᠳᠡᠭᠡᠭᠰᠢᠯᠡᠭᠦᠯᠵᠡᠢ᠃ ᠭᠡᠪᠡᠴᠦ ᠣᠳᠣᠬᠠᠨ ᠳᠤ ᠥᠪᠥᠷ ᠮᠣᠩᠭᠤᠯ ᠵᠥᠪᠭᠡᠨ ᠮᠠᠨᠵᠤᠤᠷ᠂ ᠡᠷᠢᠶᠡᠨ ᠬᠤᠲᠠ ᠵᠡᠷᠭᠡ ᠬᠤᠶᠠᠷᠬᠠᠨ ᠭᠤᠣᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠲᠠᠢ ᠪᠠᠶᠢᠵᠤ᠂ ᠲᠤᠭ᠎ᠠ ᠨᠢ ᠲᠤᠩ ᠴᠥᠭᠡᠨ ᠪᠥᠭᠡᠳ ᠦᠨᠡᠨ ᠬᠦ ᠭᠠᠳᠠᠭᠠᠳᠤ ᠨᠡᠭᠡᠭᠡᠯᠲᠡ ᠶᠢᠨ ᠰᠢᠨ᠎ᠡ | ᠥᠨᠳᠦᠷᠯᠢᠭ ᠢ ᠴᠣᠭᠴᠠᠯᠠᠬᠤ ᠳᠤ ᠬᠠᠷᠠᠬᠠᠨ ᠬᠦᠴᠦ ᠮᠡᠬᠦᠰᠳᠡᠵᠦ ᠪᠠᠶᠢᠨ᠎ᠠ᠃ ᠥᠪᠥᠷ ᠮᠣᠩᠭᠤᠯ ᠡᠷᠬᠡᠪᠰᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠲᠠᠪᠴᠠᠩ ᠤᠨ ᠰᠢᠨ᠎ᠡ ᠶᠢ ᠡᠭᠦᠳᠬᠦ ᠪᠠᠶᠢᠭᠤᠯᠤᠯᠲᠠ ᠶᠢ ᠴᠢᠩᠭᠠᠳᠬᠠᠵᠤ᠂ ᠳᠠᠯᠳᠠ ᠬᠦᠴᠦᠨ ᠲᠠᠢ᠂ ᠭᠤᠣᠯᠳᠠᠯᠭ᠎ᠠ ᠲᠠᠢ | ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠢ ᠬᠠᠷᠠᠬᠠᠨ ᠪᠠᠶᠢᠭᠤᠯᠤᠭᠠᠳᠤᠢ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ | ᠨᠥᠭᠡᠴᠡ ᠬᠦᠴᠦᠨ ᠢ ᠠᠭᠤᠳᠠᠯᠵᠤ᠂ ᠨᠠᠩ ᠣᠯᠠᠨ ᠰᠢᠨ᠎ᠡ ᠲᠤᠷᠰᠢᠯᠲᠠ ᠶᠢᠨ ᠴᠡᠭ ᠢ ᠢᠳᠡᠪᠬᠢᠲᠡᠢ ᠥᠷᠭᠡᠳᠬᠡᠨ ᠪᠠᠶᠢᠭᠤᠯᠵᠤ᠂ ᠪᠦᠲᠦᠭᠡᠨ ᠪᠠᠶᠢᠭᠤᠯᠬᠤ ᠬᠢᠷᠢ | ᠲᠦᠪᠰᠢᠨ ᠬᠢᠭᠡᠳ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠲᠠᠪᠴᠠᠩ ᠤᠨ ᠪᠠᠶᠢᠯᠳᠤᠬᠤ ᠪᠣᠳᠣᠯᠭ᠎ᠠ ᠶᠢᠨ ᠦᠨ᠎ᠡ ᠥᠷᠲᠡᠭ ᠢ | ᠪᠠᠳᠠᠷᠠᠭᠤᠯᠤᠨ᠂ ᠥᠪᠥᠷ ᠮᠣᠩᠭᠤᠯ ᠤᠨ ᠬᠢᠯᠢ ᠶᠢᠨ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠣᠲᠣᠭᠠᠳᠤ ᠳᠠᠭᠠᠨ ᠨᠡᠭᠡᠭᠡᠨ ᠬᠥᠭᠵᠢᠭᠦᠯᠬᠦ ᠪᠠ | ᠭᠠᠳᠠᠭᠰᠢ ᠨᠡᠭᠡᠭᠡᠯᠲᠡ ᠬᠢᠬᠦ ᠶᠢ ᠤᠶᠠᠯᠳᠤᠭᠤᠯᠵᠤ᠂ ᠪᠦᠭᠦ ᠣᠷᠣᠨ ᠪᠦᠰᠡ ᠳᠤ ᠨᠡᠭᠡᠭᠡᠯᠲᠡ ᠬᠢᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ | ᠭᠤᠷᠪᠠ ᠳᠤ᠂ ᠠᠵᠤ ᠦᠢᠯᠡᠰ ᠤᠨ ᠪᠠᠶᠢᠷᠢᠰᠢᠯ ᠢᠶᠠᠨ ᠰᠢᠯᠢᠳᠡᠭᠵᠢᠭᠦᠯᠵᠦ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠳᠡᠯᠭᠡᠬᠦ ᠡᠨᠧᠷᠭᠢ ᠶᠢ ᠬᠥᠭᠵᠢᠭᠡᠬᠦ | ᠬᠡᠷᠡᠭᠲᠡᠢ᠃ ᠥᠪᠥᠷ ᠮᠣᠩᠭᠤᠯ ᠡᠷᠬᠡᠪᠰᠢ ᠲᠣᠰ ᠪᠡᠶ᠎ᠡ ᠶᠢᠨ ᠬᠥᠭᠵᠢᠯᠲᠡ ᠶᠢᠨ ᠣᠨᠴᠠᠯᠢᠭ ᠲᠠᠭᠠᠨ ᠰᠠᠭᠤᠷᠢᠯᠠᠵᠤ᠂ ᠬᠢᠯᠢ ᠬᠢᠵᠠᠭᠠᠷ ᠣᠷᠣᠨ ᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ | ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠦᠢᠯᠡᠰ ᠢᠶᠠᠷ ᠬᠢᠯᠢ | ᠬᠢᠵᠠᠭᠠᠷ ᠢᠶᠠᠨ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ | ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠳᠤ ᠲᠦᠰᠢᠭᠯᠡᠨ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠬᠤ ᠶᠢᠨ ᠬᠠᠮᠲᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ᠂ | ᠰᠣᠶᠣᠯ ᠤᠨ ᠠᠵᠤ ᠦᠢᠯᠡᠰ ᠤᠨ ᠳᠠᠯᠳᠠ ᠬᠦᠴᠦᠨ ᠢ ᠠᠭᠤᠳᠠᠯᠤᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠥᠷᠭᠡᠳᠬᠡᠨ᠂ ᠵᠢᠭᠤᠯᠴᠢᠯᠠᠯ ᠤᠨ ᠦᠢᠯᠡᠰ ᠢ | ᠬᠥᠭᠵᠢᠭᠦᠯᠦᠨ ᠪᠠᠶᠠᠯᠢᠭᠵᠢᠭᠤᠯᠵᠤ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠂ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ᠃ | ᠭᠤᠷᠪᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠬᠢᠯᠢ | ᠳᠠᠭᠠᠤ ᠭᠠᠵᠠᠷ ᠣᠷᠣᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠪᠤᠯᠪᠠᠴᠤ ᠠᠵᠤ ᠠᠬᠤᠢ ᠶᠢᠨ ᠪᠣᠳᠠᠲᠠᠢ ᠬᠥᠭᠵᠢᠯᠲᠡ ᠶᠢᠨ ᠪᠠᠶᠢᠳᠠᠯ ᠮᠥᠨ | ᠨᠡᠯᠢᠶᠡᠳ ᠬᠤᠴᠤᠷᠤᠩᠭᠤᠢ ᠪᠠᠶᠢᠭ᠎ᠠ ᠪᠣᠯᠬᠤᠷ᠂ ᠡᠩ ᠲᠡᠷᠢᠭᠦᠨ ᠳᠤ᠂ ᠳᠣᠮᠳᠠᠳᠣ ᠮᠣᠩᠭᠤᠯ ᠣᠷᠣᠰ ᠭᠤᠷᠪᠠᠨ ᠲᠠᠯ᠎ᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ | ᠲᠥᠷᠥ ᠶᠢᠨ ᠪᠣᠳᠣᠯᠭ᠎ᠠ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠡᠯᠡᠯᠴᠡᠭᠡᠷ ᠤᠨ ᠲᠣᠭᠲᠠᠴᠠ ᠪᠠᠨ ᠪᠦᠷᠢᠨᠰᠢᠭᠦᠯᠦᠨ ᠬᠠᠷᠢᠯᠴᠠᠨ | ᠢᠲᠡᠭᠡᠯᠴᠡᠵᠦ ᠬᠠᠷᠢᠯᠴᠠᠨ ᠬᠠᠷᠠᠭᠠᠯᠵᠠᠯ ᠦᠵᠡᠭᠦᠯᠭᠦ ᠪᠠᠨ ᠴᠢᠩᠭᠠᠳᠬᠠᠵᠤ᠂ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠳᠤᠭᠰᠠᠨ | ᠬᠥᠭᠵᠢᠯᠲᠡ ᠶᠢᠨ ᠲᠥᠯᠦᠪᠵᠢᠭᠦᠯᠭᠡ ᠶᠢ ᠬᠠᠮᠲᠤ ᠪᠠᠷ ᠲᠣᠭᠲᠠᠭᠠᠵᠤ ᠠᠯᠬᠤᠮ ᠨᠢᠭᠡᠲᠡᠢ ᠪᠣᠯᠭᠠᠪᠠᠯ ᠵᠣᠬᠢᠨ᠎ᠠ᠃ ᠳᠠᠷᠠᠭ᠎ᠠ ᠨᠢ᠂ ᠭᠤᠷᠪᠠᠨ ᠲᠠᠯ᠎ᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠠᠷᠠᠯᠵᠢᠶᠠᠨ ᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠠᠷᠠᠯᠵᠢᠶᠠᠨ ᠤ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠡᠭᠦᠨ ᠤ ᠬᠠᠮᠲᠤ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠪᠡᠯᠡ ᠣᠷᠣᠭᠤᠯᠤᠯᠲᠠ ᠶᠢᠨ ᠳᠥᠭᠦᠮᠴᠢᠯᠡᠯᠲᠡ ᠶᠢᠨ | ᠠᠬᠢᠴᠠ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠮᠣᠩᠭᠤᠯ | ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠤᠷᠳᠤ ᠬᠤᠭᠤᠴᠠᠭᠠᠨ ᠤ | ᠲᠤᠷᠰᠢ᠂ ᠥᠪᠥᠷ ᠮᠣᠩᠭᠤᠯ ᠪᠣᠯᠣᠨ ᠮᠣᠩᠭᠤᠯ᠂ ᠤᠷᠤᠰ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠷᠠᠳ ᠤᠨ ᠬᠤᠭᠤᠷᠣᠨᠳᠣᠭᠢ ᠠᠷᠠᠯᠵᠢᠶ᠎ᠠ | ᠶᠠᠪᠤᠯᠴᠠᠭ᠎ᠠ ᠶᠢᠨ ᠲᠠᠯ᠎ᠠ ᠪᠠᠷ ᠭᠦᠨ ᠵᠤᠵᠠᠭᠠᠨ ᠰᠠᠭᠤᠷᠢ ᠲᠠᠢ᠂ ᠡᠨᠡ ᠨᠢ ᠭᠤᠷᠪᠠᠨ ᠲᠠᠯ᠎ᠠ ᠶᠢᠨ ᠬᠢᠨ ᠤ ᠰᠤᠷᠭᠠᠨ ᠬᠥᠮᠦᠵᠢᠯ᠂ ᠰᠣᠶᠣᠯ᠂ ᠵᠤᠭᠠᠴᠠᠯ ᠵᠡᠷᠭᠡ | ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠠᠷᠠᠳ ᠲᠦᠮᠡᠨ ᠤ ᠬᠤᠭᠤᠷᠣᠨᠳᠣᠭᠢ ᠣᠶᠢᠯᠠᠭᠠᠯᠴᠠᠭ᠎ᠠ ᠪᠠ ᠨᠥᠬᠦᠷᠯᠡᠯ ᠢ ᠨᠡᠮᠡᠭᠳᠡᠭᠦᠯᠵᠦ | ᠂ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠤᠢ | ᠪᠤᠯᠭᠠᠬᠤ ᠳᠤ ᠠᠰᠢᠭᠲᠠᠢ᠃ | ᠳᠥᠷᠪᠡ᠂ ᠬᠢᠯᠢ ᠬᠢᠵᠠᠭᠠᠷ ᠢᠶᠠᠨ ᠪᠠᠬᠢᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠢᠶᠠᠨ | ᠪᠠᠬᠢᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠰᠢᠨ᠎ᠡ ᠴᠠᠭ ᠦᠶ᠎ᠡ ᠶᠢᠨ ᠭᠤᠣᠯ ᠠᠭᠤᠯᠤᠭᠳᠠᠬᠤᠨ ᠨᠢ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ | ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠬᠢᠯᠢ ᠬᠢᠵᠠᠭᠠᠷ ᠢ ᠪᠠᠬᠢᠵᠢᠭᠦᠯᠬᠦ ᠶᠢᠨ ᠬᠢᠯᠢ ᠬᠢᠵᠠᠭᠠᠷ ᠤᠨ ᠵᠠᠰᠠᠯᠲᠠ ᠳᠠᠬᠢ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠢ ᠨᠠᠩ ᠳᠣᠪᠤᠶᠢᠯᠭᠠᠵᠠᠢ᠃ ᠬᠢᠯᠢ ᠳᠠᠭᠠᠤ ᠭᠠᠵᠠᠷ ᠣᠷᠣᠨ ᠨᠢ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ ᠬᠢᠵᠠᠭᠠᠷ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠲᠡᠦᠬᠡ ᠶᠢᠨ ᠬᠦᠨᠳᠦ ᠡᠭᠦᠷᠭᠡ ᠶᠢ ᠢᠮᠠᠭᠲᠠ ᠡᠭᠦᠷᠭᠡᠯᠡᠵᠦ ᠪᠠᠶᠢᠳᠠᠭ᠂ ᠦᠶ᠎ᠡ ᠤᠯᠠᠷᠢᠨ ᠠᠳᠡ ᠣᠷᠣᠰᠢᠨ ᠠᠮᠢᠳᠤᠷᠠᠵᠤ | ᠢᠷᠡᠭᠰᠡᠨ ᠡᠯ᠎ᠡ ᠦᠨᠳᠦᠰᠦᠲᠡᠨ ᠤ ᠬᠥᠪᠡᠭᠦᠳ ᠥᠬᠢᠳ ᠪᠣᠯ ᠴᠥᠮ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠡᠮᠦᠨ᠎ᠡ ᠹᠷᠣᠨᠲ ᠤᠨ | ᠬᠠᠮᠠᠭᠠᠯᠠᠭᠴᠢ ᠮᠥᠨ᠃ ᠣᠳᠣᠬᠠᠨ ᠳᠤ ᠶᠠᠭ ᠳᠡᠯᠡᠬᠡᠢ ᠳ᠋ᠠᠬᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠠ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ | ᠪᠠᠬᠢᠵᠢᠭᠦᠯᠬᠦ ᠠᠵᠢᠯ ᠳᠤ ᠨᠦᠰᠡᠷ ᠬᠦᠨᠳᠦ ᠡᠭᠦᠷᠭᠡ ᠲᠤᠯᠭᠠᠷᠠᠵᠤ ᠪᠤᠢ᠃ ᠥᠭᠡᠷᠡᠴᠢᠯᠡᠯᠲᠡ ᠨᠡᠭᠡᠭᠡᠯᠲᠡ ᠪᠣᠯᠣᠨ ᠤᠯᠤᠰ ᠤᠨ ᠠᠮᠤᠷ ᠲᠦᠪᠰᠢᠨ ᠤ ᠬᠠᠷᠠᠭᠠᠰᠤ ᠠᠴᠠ᠂ | ᠨᠡᠩ ᠪᠦᠲᠦᠮᠵᠢᠲᠡᠶ᠂ ᠨᠡᠩ ᠪᠣᠯᠣᠮᠵᠢᠲᠠᠢ᠂ ᠨᠡᠩ ᠨᠠᠷᠢᠨ ᠲᠣᠳᠣᠷᠬᠠᠢ᠂ ᠬᠢᠯᠢ ᠳᠠᠭᠠᠤ ᠶᠢᠨ ᠣᠯᠠᠨ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠳᠤ ᠨᠡᠶᠢᠴᠡᠬᠦ | ᠬᠥᠭᠵᠢᠯᠲᠡ ᠶᠢᠨ ᠲᠥᠯᠦᠪᠵᠢᠭᠦᠯᠭᠡ ᠲᠣᠭᠲᠠᠭᠠᠵᠤ᠂ ᠬᠢᠯᠢ ᠬᠢᠵᠠᠭᠠᠷ ᠢᠶᠠᠨ ᠪᠠᠬᠢᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠠᠬᠢ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ ᠶᠢᠨ ᠠᠷᠠᠳ ᠢ | ᠪᠠᠶᠠᠵᠢᠭᠤᠯᠬᠤ ᠬᠠᠷᠠᠯᠲᠠ ᠶᠢ ᠪᠡᠶᠡᠯᠡᠭᠦᠯᠵᠦ᠂ ᠡᠭᠦᠨ ᠤ ᠤᠯᠠᠮ ᠢᠶᠠᠷ ᠤᠯᠤᠰ ᠤᠨ ᠠᠮᠤᠷ ᠲᠦᠪᠰᠢᠨ ᠪᠣᠯᠣᠨ ᠬᠥᠭᠵᠢᠯᠲᠡ ᠶᠢ ᠪᠠᠲᠤᠯᠠᠬᠤ ᠬᠡᠷᠡᠭᠲᠡᠢ᠃ | |