11 ᠰᠠᠷ᠎ᠠ ᠶᠢᠨ 25 ᠤ ᠡᠳᠦᠷ᠂ ᠠᠷᠤᠨ ᠬᠤᠰᠢᠭᠤ ᠡᠪᠦᠯ ᠤᠷᠤᠭᠰᠠᠨ ᠠᠴᠠ ᠨᠠᠰᠢᠬᠢ ᠠᠩᠬᠠᠨ ᠤ ᠶᠡᠭᠡ ᠴᠠᠰᠦ ᠣᠷᠣᠵᠤ᠂ ᠣᠬᠤᠷᠬᠠᠨ ᠬᠤᠭᠤᠴᠠᠭᠠᠨ ᠳᠤ | ᠬᠤᠲᠠ ᠶᠢᠨ ᠲᠣᠭᠤᠷᠢᠭ ᠪᠣᠯᠤᠨ ᠡᠷᠬᠢᠨ ᠲᠣᠭᠤᠷᠢᠨ ᠤ ᠵᠠᠮ ᠨᠢ ᠵᠤᠵᠠᠭᠠᠨ ᠴᠠᠰᠤᠨ ᠳᠤ ᠬᠤᠴᠢᠭᠳᠠᠵᠤ᠂ ᠰᠠᠭᠤᠭᠠᠯᠢ ᠠᠷᠠᠳ ᠤᠨ ᠠᠮᠢᠳᠤᠷᠠᠯ᠂ ᠵᠠᠮ | ᠬᠠᠷᠢᠯᠴᠠᠭ᠎ᠠ ᠳᠤ ᠬᠦᠨᠳᠦ ᠬᠡᠴᠡᠭᠦᠦ ᠥᠷᠢᠰᠥᠯᠳᠦᠭᠡᠨ ᠲᠤᠯᠭᠠᠷᠠᠭᠤᠯᠪᠠ᠃ ᠡᠭᠦᠨ ᠳᠤ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠦᠳᠲᠡᠷ ᠲᠦᠷᠭᠡᠨ | ᠴᠤᠤᠷᠢᠶᠠᠲᠤᠨ ᠳᠠᠭᠠᠵᠤ᠂ ᠬᠠᠮᠵᠢᠯᠴᠠᠨ ᠬᠦᠴᠦᠯᠡᠵᠦ᠂ ᠴᠠᠰᠤ ᠣᠷᠤᠭᠰᠠᠨ ᠴᠠᠭ ᠠᠭᠤᠷ ᠤᠨ ᠰᠢᠯᠭᠠᠯᠲᠠ ᠶᠢ ᠢᠳᠡᠪᠬᠢᠲᠡᠶ ᠠᠷᠭᠠᠴᠠᠪᠠ᠃ | | | | | | ᠴᠠᠰᠤ ᠴᠡᠪᠡᠷᠯᠡᠬᠦ ᠲᠡᠷᠭᠡ ᠨᠢ ᠴᠠᠰᠤ ᠴᠡᠪᠡᠷᠯᠡᠬᠦ ︽ᠭᠤᠤᠯ ᠬᠦᠴᠦᠨ︾ ᠪᠣᠯᠤᠭᠰᠠᠨ ᠤ ᠬᠤᠪᠢ ᠳᠤ᠂ ᠲᠡᠷᠡ ᠳᠠᠷᠤᠶ ᠳᠤᠨᠢ ᠬᠤᠲᠠ ᠶᠢᠨ ᠲᠣᠭᠤᠷᠢᠭ ᠤᠨ ᠡᠯ᠎ᠡ | ᠭᠤᠤᠯ ᠵᠠᠮ ᠳᠤ ᠬᠦᠷᠴᠦ ᠠᠵᠢᠯ ᠥᠷᠨᠢᠭᠦᠯᠵᠦ᠂ ᠲᠣᠮᠣ ᠬᠡᠯᠪᠡᠷᠢ ᠶᠢᠨ ᠴᠠᠰᠤ ᠠᠷᠢᠯᠭᠠᠬᠤ ᠬᠠᠪᠲᠠᠰᠤ ᠨᠢ ᠵᠠᠮ ᠤᠨ ᠵᠤᠵᠠᠭᠠᠨ ᠴᠠᠰᠤ ᠶᠢ ᠵᠠᠮ ᠤᠨ ᠬᠠᠵᠠᠭᠤ ᠳᠤ | ᠲᠦᠯᠬᠢᠵᠦ᠂ ᠬᠤᠲᠠ ᠶᠢᠨ ᠲᠣᠭᠤᠷᠢᠭ ᠤᠨ ᠭᠤᠤᠯ ᠵᠠᠮ ᠳᠤ ᠬᠤᠷᠠᠭᠰᠠᠨ ᠴᠠᠰᠤ ᠶᠢ ᠲᠦᠷᠭᠡᠨ ᠪᠠᠭᠠᠰᠬᠠᠵᠤ᠂ ᠠᠯᠬᠤᠮ ᠠᠯᠬᠤᠮ ᠢᠶᠠᠷ ᠰᠠᠭᠠᠳ ᠥᠬᠡᠶ ᠨᠡᠪᠲᠡᠷᠡᠬᠦ ᠶᠢ | ᠰᠡᠷᠭᠦᠭᠡᠪᠡ᠃ | | | | | | ᠠᠷᠤᠨ ᠬᠤᠰᠢᠭᠤᠨ ᠤ ᠡᠮᠦᠨ᠎ᠡ ᠰᠦᠢᠳᠭᠡᠯ ᠬᠤᠷᠢᠶᠠᠬᠤ ᠥᠷᠲᠡᠭᠡ ᠳᠤ᠂ ᠠᠵᠢᠯᠲᠠᠳ ᠰᠦᠢᠳᠭᠡᠯ ᠬᠤᠷᠢᠶᠠᠬᠤ ᠠᠭᠤᠳᠠᠮ ᠲᠠᠯᠠᠪᠠᠶ᠂ ᠲᠣᠭᠤᠷᠢᠯ ᠵᠠᠮ ᠵᠡᠷᠭᠡ | ᠭᠤᠤᠯᠳᠠᠯᠭ᠎ᠠ ᠲᠠᠢ ᠣᠷᠣᠨ ᠪᠦᠰᠡ ᠳᠤ ᠴᠠᠭ ᠲᠤᠬᠠᠶ ᠳᠤᠨᠢ ᠴᠠᠰᠤ ᠠᠷᠢᠯᠭᠠᠵᠤ᠂ ᠮᠥᠰᠥ ᠬᠥᠯᠳᠡᠬᠦ ᠠᠴᠠ ᠰᠡᠷᠭᠡᠶᠢᠯᠡᠵᠦ᠂ ᠨᠠᠰᠢ ᠴᠠᠰᠢ ᠥᠩᠭᠡᠷᠡᠬᠦ ᠲᠡᠷᠭᠡ | ᠬᠥᠰᠬᠡ ᠶᠢᠨ ᠬᠤᠷᠳᠤᠴᠠ ᠪᠠᠨ ᠤᠳᠠᠭᠠᠰᠢᠷᠠᠭᠤᠯᠵᠤ᠂ ᠠᠮᠠᠷᠬᠠᠨ ᠭᠤᠯᠭᠤᠬᠤ ᠵᠠᠮ ᠤᠨ ᠬᠡᠰᠡᠭ ᠲᠤ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠥᠩᠭᠡᠷᠡᠬᠦ ᠶᠢ | ᠵᠢᠯᠣᠭᠤᠳᠴᠤ᠂ ᠰᠦᠢᠳᠭᠡᠯ ᠬᠤᠷᠢᠶᠠᠬᠤ ᠥᠷᠲᠡᠭᠡ ᠪᠠᠷ ᠥᠩᠭᠡᠷᠡᠬᠦ ᠲᠡᠷᠭᠡ ᠬᠥᠰᠬᠡ ᠶᠢᠨ ᠡᠮᠬᠢ ᠵᠢᠷᠤᠮ ᠲᠠᠢ ᠪᠠᠷ ᠣᠷᠣᠵᠤ ᠭᠠᠷᠬᠤ ᠶᠢ ᠦᠨᠡᠨᠬᠦ ᠪᠠᠲᠤᠯᠠᠨ᠎ᠠ᠃ | | | | | | ᠠᠷᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ ︽ᠴᠠᠭ ᠠᠭᠤᠷ ᠤᠨ ᠬᠠᠷᠠᠭᠤᠯ︾ ᠪᠣᠯᠤᠭᠰᠠᠨ ᠤ ᠬᠤᠪᠢ ᠳᠤ᠂ ᠨᠠᠩ ᠴᠤ ᠵᠢᠭᠰᠠᠭᠠᠯ ᠢ ᠴᠢᠩᠭ᠎ᠠ | ᠰᠠᠬᠢᠵᠤ᠂ ᠴᠠᠰᠤ ᠣᠷᠣᠬᠤ ᠪᠠᠶᠢᠳᠠᠯ ᠢ ᠴᠢᠩᠭ᠎ᠠ ᠬᠢᠨᠠᠨ ᠡᠵᠡᠮᠳᠡᠵᠦ ᠪᠠᠢᠨ᠎ᠠ᠃ ᠣᠶᠢᠯᠠᠭᠠᠭᠰᠠᠨ ᠢᠶᠠᠷ᠂ ᠵᠡᠭᠦᠨ ᠬᠤᠶᠢᠲᠤ ᠶᠢᠨ ᠬᠦᠢᠲᠡᠨ ᠣᠶᠢᠯ ᠪᠣᠯᠤᠨ ᠭᠠᠵᠠᠷ ᠤᠨ | ᠭᠠᠳᠠᠷᠭᠤ ᠶᠢᠨ ᠬᠤᠶᠢᠯᠠᠷᠠᠭ᠎ᠠ ᠶᠢᠨ ᠬᠠᠮᠲᠤ ᠶᠢᠨ ᠨᠥᠯᠥᠭᠡ ᠪᠠᠷ᠂ 11 ᠰᠠᠷ᠎ᠠ ᠶᠢᠨ 25 ᠤ ᠡᠳᠦᠷ ᠠᠴᠠ 11 ᠰᠠᠷ᠎ᠠ ᠶᠢᠨ 27 ᠤ ᠡᠳᠦᠷ ᠤᠨ ᠰᠥᠨᠢ ᠪᠣᠯᠲᠠᠯ᠎ᠠ᠂ | ᠪᠥᠬᠦ ᠬᠤᠰᠢᠭᠤᠨ ᠳᠤ ᠶᠡᠭᠡ ᠰᠠᠯᠬᠢ ᠰᠠᠯᠬᠢᠯᠠᠵᠤ᠂ ᠵᠢᠱᠢᠯᠲᠡ ᠪᠠᠷ ᠴᠠᠰᠤᠨ ᠤ ᠬᠡᠮᠵᠢᠶ᠎ᠡ ᠨᠢ 10 . 0 ᠠᠴᠠ 19 . 9 ᠮᠢᠯᠢᠮᠧᠲᠷ᠂ ᠬᠡᠰᠡᠭ ᠭᠠᠵᠠᠷ ᠣᠷᠣᠨ ᠳᠤ | 20 . 0 ᠮᠢᠯᠢᠮᠧᠲᠷ ᠠᠴᠠ ᠳᠡᠭᠡᠭᠰᠢ ᠪᠠᠶᠢᠵᠤ᠂ ᠠᠭᠠᠷ ᠤᠨ ᠳᠤᠯᠠᠭᠠᠨ 4-6 °C ᠳᠣᠷᠣᠭᠰᠢᠯᠠᠨ᠎ᠠ᠃ | | | | |