ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠦᠪᠰᠢᠶᠡᠷᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/11/27
    ᠬᠦᠯᠦᠨ ᠵᠠᠰᠠᠭ ᠦᠰᠦᠭ ﹇2024﹈ 21 ᠳ᠋ᠤᠭᠡᠷ ᠲᠤᠭᠠᠲᠤᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄    ᠲᠠᠨ ᠤ ᠬᠤᠰᠢᠭᠤᠨ ᠤ ︽ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠠᠭᠤᠨ ᠵᠠᠰᠠᠭ ᠲᠠᠷᠬᠠᠭᠠᠭᠰᠠᠨ ︹2024︺ 7 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄    ᠨᠢᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠤᠷᠳᠤ ᠴᠢᠩ ᠱᠧᠩ ᠨᠡᠭᠦᠷᠡᠰᠦᠨ ᠠᠭᠤᠷᠬᠠᠢ ᠶᠢᠨ ᠭᠦᠨ ᠬᠡᠰᠡᠭ ᠲᠤ ᠬᠠᠶᠢᠨ ᠪᠠᠶᠢᠴᠠᠭᠠᠬᠤ ᠠᠵᠢᠯ ᠥᠷᠨᠢᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃    ᠬᠤᠶᠠᠷ᠂ ᠠᠭᠤᠷᠬᠠᠢ ᠶᠢᠨ ᠠᠵᠤ ᠠᠬᠤᠶᠢᠯᠠᠯ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠠᠭᠤᠷᠬᠠᠢ ᠮᠠᠯᠲᠠᠬᠤ ᠡᠷᠬᠡ ᠲᠠᠢ ᠭᠦᠨ ᠬᠡᠰᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠬᠦᠯᠬᠦ ᠶᠠᠪᠤᠳᠠᠯ ᠢ ᠭᠦᠢᠴᠡᠳᠬᠡᠨ᠎ᠡ᠃    ᠭᠤᠷᠪᠠ᠂ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠵᠤ᠂ ︽ᠬᠠᠶᠢᠬᠤ ᠨᠡᠷ᠎ᠡ ᠪᠠᠷ ᠮᠠᠯᠲᠠᠬᠤ︾ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃    ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃    2024 ᠣᠨ ᠤ 4 ᠰᠠᠷ᠎ᠠ ᠶᠢᠨ 19 ᠤ ᠡᠳᠦᠷ    ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ