ᠥᠪᠥᠷ ᠵᠠᠰᠠᠭ ᠠᠯᠪᠠᠨ ᠲᠠᠷᠬᠠᠭᠠᠭᠰᠠᠨ ︹2020︺ 27 ᠳ᠋ᠤᠭᠠᠷ ᠲᠣᠭᠠᠲᠤ | ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠥᠯᠥᠨ | ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠳᠤ᠄ | ︽ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ᠶᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ | 5 ᠳ᠋ᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠭᠦᠯᠦᠭᠰᠡᠨ ᠤ ᠬᠠᠮᠲᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ | ᠪᠤᠶᠢᠷ ᠬᠤᠳᠠ ᠶᠢᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 106 ᠳ᠋ᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠪᠠᠲᠤᠯᠠᠭᠠᠳ᠂ ᠡᠳᠦᠭᠡ ᠳᠠᠷᠤᠮᠠᠯᠯᠠᠨ | ᠲᠠᠷᠬᠠᠭᠠᠪᠠ᠃ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠪᠠᠶᠢᠴᠠᠭᠠᠨ | ᠰᠤᠳᠤᠯᠤᠯᠲᠠ ᠬᠢᠬᠦ᠂ ᠵᠠᠰᠠᠪᠤᠷᠢ ᠣᠷᠣᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠲᠣᠭᠲᠠᠭᠠᠬᠤ ᠴᠢᠨᠠᠷ ᠪᠠ ᠪᠦᠲᠦᠮᠵᠢ ᠶᠢ ᠪᠠᠲᠤᠯᠠᠵᠤ᠂ | ᠬᠠᠤᠯᠢ ᠲᠣᠭᠲᠠᠭᠠᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠲᠠᠶ ᠳᠥᠯᠭᠢᠨ ᠠᠬᠢᠭᠤᠯᠲᠤᠭᠠᠢ᠃ | 2024 ᠣᠨ ᠤ 5 ᠰᠠᠷ᠎ᠠ ᠶᠢᠨ 20 ᠤ ᠡᠳᠦᠷ | |