ᠬᠥᠯᠥᠨ ᠪᠤᠶᠢᠷ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶ 1
ᠨᠡᠶᠢᠲᠡᠯᠡᠭᠰᠡᠨ ᠴᠠᠭ᠄
2024/11/27
    ᠣᠶᠢᠷ᠎ᠠ ᠶᠢᠨ ᠵᠢᠯ ᠳᠤ᠂ ᠮᠠᠨ ᠤ ᠬᠤᠲᠠ ᠳᠤ ᠬᠠᠷᠰᠢᠮᠠᠲᠠᠭᠠᠢ ᠬᠠᠮᠠᠷ ᠤᠨ ᠦᠷᠪᠢᠰᠦᠯ ᠲᠠᠢ ᠡᠪᠡᠳᠴᠢᠲᠡᠨ ᠵᠢᠯ ᠳᠠᠷᠠᠭᠠᠯᠠᠨ ᠣᠯᠠᠰᠢᠷᠠᠵᠤ ᠪᠠᠶᠢᠬᠤ ᠪᠥᠭᠡᠳ ᠤᠯᠠᠷᠢᠯ ᠤᠨ ᠴᠢᠨᠠᠷᠲᠠᠢ ᠤᠯᠠᠨᠲᠠ ᠡᠭᠦᠰᠬᠦ ᠪᠠᠶᠢᠳᠠᠯ ᠢᠯᠡᠷᠡᠵᠦ᠂ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 49 ᠳ᠋ᠤᠭᠡᠷ ᠲᠣᠭᠠᠲᠤ︶ ᠤᠨ ᠱᠠᠭᠠᠷᠳᠠᠯᠭ᠎ᠠ ᠪᠠ ᠪᠥᠬᠦ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾  ᠶᠢ ᠬᠡᠷᠡᠭᠵᠢᠭᠦᠯᠬᠦ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠡᠷᠡᠭᠦᠯ ᠡᠩᠬᠡ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠶᠢ ᠪᠠᠲᠤᠲᠠᠢ ᠠᠬᠢᠭᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠠᠵᠢᠯ ᠤᠨ ᠵᠠᠷᠴᠢᠮ ᠢ ᠪᠠᠷᠢᠮᠲᠠᠯᠠᠨ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠲᠦᠮᠵᠢᠲᠡᠶ ᠪᠠᠲᠤᠯᠠᠨ᠎ᠠ᠃    ᠬᠤᠶᠠᠷ᠂ ᠠᠵᠢᠯ ᠤᠨ ᠬᠠᠷᠠᠯᠲᠠ    ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠡᠪᠡᠳᠴᠢᠨ ᠡᠭᠦᠰᠬᠡᠬᠦ ᠬᠦᠴᠦᠨ ᠵᠦᠢᠯ ᠵᠢᠴᠢ ᠳᠡᠯᠭᠡᠷᠡᠬᠦ ᠣᠨᠴᠠᠯᠢᠭ ᠢ ᠡᠵᠡᠮᠰᠢᠵᠦ᠂ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ᠂ ᠡᠮᠴᠢᠯᠡᠭᠡ ᠪᠠ ᠶᠡᠷᠦᠩᠬᠡᠶᠢᠯᠡᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠬᠠᠶᠢᠨ ᠰᠦᠪᠡᠭᠴᠢᠯᠡᠵᠦ ᠭᠠᠷᠭᠠᠨ᠎ᠠ᠃ ᠮᠠᠨ ᠤ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠤᠯᠠᠷᠢᠯ ᠤᠨ ᠴᠢᠨᠠᠷᠲᠠᠢ ᠶᠡᠭᠡ ᠳᠡᠯᠭᠡᠷᠡᠬᠦ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ