ᠬᠥᠯᠥᠨ ᠪᠤᠶᠢᠷ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠥᠯ ︵ᠲᠤᠷᠰᠢᠨ ᠬᠡᠷᠡᠭᠵᠢᠭᠦᠯᠬᠦ︶ 3
ᠨᠡᠶᠢᠲᠡᠯᠡᠭᠰᠡᠨ ᠴᠠᠭ᠄
2024/11/27
    ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ᠂ ᠬᠤᠰᠢᠭᠤ ︵ᠬᠤᠲᠠ᠂ ᠲᠣᠭᠤᠷᠢᠭ︶ ᠬᠤᠶᠠᠷ ᠱᠠᠲᠤᠨ ᠤ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ᠂ ᠡᠳ᠋ ᠤᠨ ᠵᠠᠰᠠᠭ᠂ ᠣᠶ ᠰᠢᠭᠤᠢ ᠨᠤᠲᠤᠭ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ᠂ ᠴᠠᠭ ᠠᠭᠤᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠣᠯᠠᠨ ᠰᠠᠯᠠᠭ᠎ᠠ ᠮᠥᠴᠢᠷ ᠤᠨ ᠣᠷᠣᠯᠴᠠᠭᠰᠠᠨ ᠪᠥᠬᠦ ᠬᠤᠲᠠ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠢ ᠡᠷᠡᠭᠦᠯ ᠡᠩᠬᠡ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠪᠠ ᠠᠷᠠᠳ ᠲᠤ ᠪᠣᠳᠠᠲᠠᠢ ᠠᠵᠢᠯ ᠬᠢᠵᠦ ᠥᠭᠬᠦ ᠴᠢᠬᠤᠯᠠ ᠠᠭᠤᠯᠭ᠎ᠠ ᠪᠣᠯᠭᠠᠨ ᠬᠢᠨᠠᠨ ᠰᠢᠯᠭᠠᠬᠤ ᠲᠤᠭᠲᠠᠯᠴᠠᠭ᠎ᠠ ᠳᠤ ᠣᠷᠣᠭᠤᠯᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠤᠨ᠎ᠠ᠃    ︵ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠬᠡᠷᠡᠭᠴᠡᠭᠡ ᠶᠢ ᠦᠨᠳᠦᠰᠦᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ᠂ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠬᠢᠨᠠᠨ ᠬᠡᠮᠵᠢᠬᠦ᠂ ᠣᠨᠣᠰᠢᠯᠠᠬᠤ᠂ ᠡᠮᠨᠡᠨ ᠵᠠᠰᠠᠬᠤ ᠲᠥᠬᠦᠭᠡᠷᠦᠮᠵᠢ ᠲᠣᠬᠢᠷᠠᠭᠤᠯᠬᠤ ᠳᠤ ᠬᠡᠷᠡᠭᠰᠡᠬᠦ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠨᠡᠶᠢᠭᠡᠮ ᠤᠨ ᠬᠥᠷᠥᠩᠭᠡ ᠶᠢᠨ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠳᠤ ᠪᠡᠯᠡ ᠣᠷᠣᠭᠤᠯᠬᠤ ᠶᠢ ᠳᠡᠮᠵᠢᠬᠦ ᠶᠢᠨ ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    ︵ᠭᠤᠷᠪᠠ︶ ᠤᠬᠠᠭᠤᠯᠭ᠎ᠠ ᠶᠢ ᠥᠷᠭᠡᠨ ᠢᠶᠠᠷ ᠦᠷᠨᠢᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠠᠷ ᠬᠠᠷᠰᠢᠮᠠᠲᠠᠭᠠᠢ ᠬᠠᠮᠠᠷ ᠤᠨ ᠦᠷᠪᠢᠰᠦᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠥᠷᠭᠡᠨ ᠣᠯᠠᠨ ᠡᠪᠡᠳᠴᠢᠲᠡᠨ ᠳᠤ ᠬᠠᠷᠰᠢᠮᠠᠲᠠᠭᠠᠢ ᠬᠠᠮᠠᠷ ᠤᠨ ᠦᠷᠪᠢᠰᠦᠯ ᠤᠨ ᠡᠭᠦᠰᠬᠦ ᠰᠢᠯᠲᠠᠭᠠᠨ ᠢ ᠵᠥᠪ ᠣᠨᠣᠪᠴᠢᠲᠠᠶ ᠲᠠᠨᠢᠭᠤᠯᠵᠤ᠂ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠤᠶᠢᠯᠠᠭᠠᠭᠤᠯᠤᠨ᠎ᠠ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ