ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄ | ᠲᠠᠨ ᠤ ᠨᠢᠭᠡᠴᠢ ᠶᠢᠨ ︽︿ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠨᠠᠷᠢᠨ ᠲᠥᠯᠥᠪᠵᠢᠭᠦᠯᠭᠡ ︵2022 — 2035 ᠣᠨ︶﹀ ᠶᠢᠨ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠠᠵᠤ ᠠᠬᠤᠶ ᠨᠡᠭᠡᠭᠡᠯᠲᠡ | ᠬᠠᠮᠢᠶᠠᠷᠤᠯᠳᠠ ᠲᠠᠷᠬᠠᠭᠠᠭᠰᠠᠨ ﹇2024﹈ 63 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ︽ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠠᠷᠢᠨ | ᠲᠥᠯᠥᠪᠵᠢᠭᠦᠯᠭᠡ ︵2022 — 2035 ᠣᠨ︶︾ ᠶᠢᠨ ᠦᠷ᠎ᠡ ᠪᠦᠲᠦᠭᠡᠯ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠶᠣᠰᠣᠭᠠᠷ᠂ ᠴᠢᠩᠭ᠎ᠠ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠨᠠᠷᠢᠨ ᠲᠥᠯᠥᠪᠵᠢᠭᠦᠯᠭᠡ ᠶᠢᠨ | ᠭᠦᠢᠴᠡᠳᠬᠡᠬᠦ ᠲᠤᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠵᠥᠷᠢᠴᠡᠵᠦ ᠪᠣᠯᠬᠤ ᠦᠭᠡᠶ᠃ | ᠭᠤᠷᠪᠠ᠂ ᠨᠠᠷᠢᠨ ᠲᠦᠯᠦᠪᠵᠢᠬᠦᠯᠭᠡ ᠨᠢ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠳᠠ ᠶᠢ ᠬᠡᠷᠡᠭᠵᠢᠭᠦᠯᠬᠦ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠬᠤᠲᠠ ᠬᠥᠳᠡᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ ᠠᠵᠢᠯᠯᠠᠭ᠎ᠠ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠪᠣᠯᠬᠤ ᠦᠢᠯᠡᠳᠦᠯ ᠢ | ᠦᠨᠡᠨᠬᠦ ᠪᠠᠳᠠᠷᠠᠭᠤᠯᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠡᠷᠬᠡᠪᠰᠢ ᠴᠢᠩᠭ᠎ᠠ ᠵᠢᠷᠤᠮᠯᠠᠵᠤ᠂ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ | ᠪᠣᠯᠬᠤ ᠦᠭᠡᠢ᠃ ᠵᠠᠰᠠᠪᠤᠷᠢ ᠣᠷᠣᠭᠤᠯᠬᠤ ᠴᠢᠬᠤᠯᠠᠲᠠᠶ ᠪᠣᠯ᠂ ᠵᠤᠬᠢᠬᠤ ᠬᠠᠤᠯᠢ ᠶᠤᠰᠤᠨ ᠤ ᠵᠢᠷᠤᠮ ᠢ ᠵᠢᠷᠤᠮᠯᠠᠬᠤ ᠬᠡᠷᠡᠭᠲᠡᠶ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2024 ᠣᠨ ᠤ 9 ᠰᠠᠷ᠎ᠠ ᠶᠢᠨ 23 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |