ᠠᠷᠤᠨ ᠬᠤᠰᠢᠭᠤᠨ ᠤ ᠥᠷᠭᠡᠨ ᠣᠯᠠᠨ ᠬᠤᠲᠠ ᠶᠢᠨ ᠠᠷᠠᠳ ᠲᠦᠮᠡᠨ ᠳᠤ᠄ | ᠮᠠᠨ ᠤ ᠬᠤᠰᠢᠭᠤ ᠤᠶᠢᠷ᠎ᠠ ᠶᠢᠨ ᠬᠤᠭᠤᠴᠠᠭᠠᠨ ᠳᠤ ᠴᠠᠰᠤ ᠪᠣᠷᠣᠭᠠᠨ ᠶᠡᠭᠡ ᠣᠷᠣᠵᠤ ᠪᠠᠢᠭ᠎ᠠ ᠤᠴᠢᠷ ᠠᠴᠠ᠂ ᠬᠠᠬᠢᠷ ᠬᠦᠢᠳᠡᠨ ᠠᠭᠤᠷ ᠠᠮᠢᠰᠬᠤᠯ ᠳᠤ | ᠠᠮᠢᠳᠤᠷᠠᠵᠤ ᠳᠡᠶᠢᠯᠬᠦ ᠦᠭᠡᠢ ᠲᠡᠨᠦᠭᠦᠯ ᠭᠤᠶᠢᠷᠠᠨᠴᠢᠳ ᠤᠨ ᠪᠡᠶ᠎ᠡ ᠶᠢᠨ ᠠᠮᠤᠷ ᠲᠦᠪᠰᠢᠨ ᠪᠠ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠦᠲᠦᠮᠵᠢᠲᠡᠢ | ᠠᠷᠭᠠᠴᠠᠬᠤ ᠶᠢᠨ ᠲᠥᠯᠥᠭᠡ᠂ ᠠᠷᠤᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠥᠨᠥᠳᠦᠷ ᠠᠴᠠ ᠡᠬᠢᠯᠡᠨ | ᠪᠦᠬᠦ ᠬᠤᠰᠢᠭᠤᠨ ᠤ ᠬᠡᠪᠴᠢᠶᠡᠨ ᠳᠤ ︽ᠬᠠᠬᠢᠷ ᠡᠪᠦᠯ ᠬᠠᠶᠢᠷ᠎ᠠ ᠬᠠᠯᠠᠮᠵᠢ ᠬᠦᠷᠭᠡᠬᠦ︾ ᠲᠤᠰᠬᠠᠢ ᠠᠵᠢᠯᠯᠠᠭ᠎ᠠ ᠥᠷᠨᠢᠭᠦᠯᠬᠦ ᠪᠣᠯᠤᠨ᠎ᠠ᠃ ᠰᠠᠶᠢᠨ ᠳᠤᠷ᠎ᠠ ᠠᠴᠠ ᠪᠠᠨ | ᠲᠤᠰᠠᠯᠠᠮᠵᠢ ᠭᠥᠷᠳᠡᠬᠦ ᠵᠠᠷᠴᠢᠮ ᠶᠣᠰᠣᠭᠠᠷ᠂ ᠥᠪᠡᠷ ᠢᠶᠠᠨ ᠢᠳᠡᠵᠦ ᠤᠤᠭᠤᠬᠤ ᠬᠤᠨᠣᠵᠤ ᠬᠡᠪᠲᠡᠬᠦ ᠪᠠᠨ ᠰᠢᠢᠳᠪᠦᠷᠢᠯᠡᠵᠦ ᠳᠡᠶᠢᠯᠬᠦ ᠥᠬᠡᠶ᠂ ᠲᠦᠰᠢᠮᠡᠷ ᠲᠥᠷᠥᠯ | ᠰᠠᠳᠤᠨ ᠨᠠᠶᠢᠵᠠ ᠨᠥᠬᠦᠳ ᠥᠬᠡᠶ᠂ ᠵᠡᠭᠡᠯᠢ ᠳᠡᠭᠡᠷ᠎ᠡ ᠲᠡᠨᠦᠭᠦᠴᠢᠯᠡᠵᠦ᠂ ᠬᠡᠭᠡᠷ᠎ᠡ ᠬᠤᠨᠣᠵᠤ᠂ ᠭᠤᠶᠢᠷᠠᠨᠴᠢᠯᠠᠨ ᠠᠮᠢᠳᠤᠷᠠᠵᠤ ᠪᠠᠶᠢᠭ᠎ᠠ ᠬᠥᠮᠦᠰ ᠲᠤ ᠦᠨ᠎ᠡ | ᠲᠥᠯᠥᠪᠦᠷᠢ ᠥᠬᠡᠶ ᠪᠠᠷ ᠲᠤᠰᠠᠯᠠᠮᠵᠢ ᠦᠵᠡᠭᠦᠯᠬᠦ ᠭᠡᠵᠦ ᠪᠠᠢᠨ᠎ᠠ᠂ ᠣᠲᠣ ᠳᠤᠤᠷᠠᠬᠢ ᠮᠡᠲᠦ ᠵᠠᠷᠯᠠᠶ᠎ᠠ᠃ | ᠨᠢᠭᠡ᠂ ᠠᠪᠤᠷᠠᠨ ᠲᠤᠰᠠᠯᠠᠬᠤ ᠡᠲᠡᠭᠡᠳ | ᠠᠷᠤᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠦᠴᠢᠷᠳᠡᠯ ᠳᠤ ᠲᠤᠯᠭᠠᠷᠠᠭᠰᠠᠨ᠂ ᠣᠷᠣᠨ ᠰᠠᠭᠤᠴᠠ ᠥᠬᠡᠶ ᠲᠡᠨᠦᠭᠦᠯ ᠭᠤᠶᠢᠷᠠᠨᠴᠢᠳ | ᠬᠤᠶᠠᠷ᠂ ᠠᠪᠤᠷᠠᠨ ᠲᠤᠰᠠᠯᠠᠬᠤ ᠴᠠᠭ ᠬᠤᠭᠤᠴᠠᠭ᠎ᠠ | ︽ᠬᠠᠬᠢᠷ ᠡᠪᠦᠯ ᠬᠠᠶᠢᠷ᠎ᠠ ᠬᠠᠯᠠᠮᠵᠢ ᠬᠦᠷᠭᠡᠬᠦ︾ ᠲᠤᠰᠬᠠᠶ ᠠᠪᠤᠷᠠᠨ ᠲᠤᠰᠠᠯᠠᠬᠤ ᠠᠵᠢᠯᠯᠠᠭ᠎ᠠ ᠶᠢᠨ ᠴᠠᠭ ᠬᠤᠭᠤᠴᠠᠭ᠎ᠠ ᠨᠢ ᠲᠣᠰ ᠡᠳᠦᠷ ᠠᠴᠠ ᠡᠬᠢᠯᠡᠨ | 2025 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠨ᠎ᠠ᠃ | ᠭᠤᠷᠪᠠ᠂ ᠠᠪᠤᠷᠠᠨ ᠲᠤᠰᠠᠯᠠᠬᠤ ᠠᠷᠭ᠎ᠠ | ᠠᠮᠢᠳᠤᠷᠠᠯ ᠳᠠᠭᠠᠨ ᠵᠥᠪ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠪᠠ ᠬᠦᠴᠢᠷᠳᠡᠯ ᠳᠤ ᠲᠤᠯᠭᠠᠷᠠᠭᠰᠠᠨ ᠬᠥᠮᠦᠰ ᠤᠨ ᠠᠮᠤᠷ ᠲᠦᠪᠰᠢᠨ ᠢᠶᠠᠷ ᠡᠪᠦᠯ ᠢ | ᠥᠩᠭᠡᠷᠡᠭᠡᠬᠦ ᠶᠢᠨ ᠲᠥᠯᠥᠭᠡ᠂ ᠪᠢᠳᠡᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠃ ᠲᠠ ᠠᠮᠢᠳᠤᠷᠠᠯ ᠳᠠᠭᠠᠨ ᠵᠥᠪ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ | ᠪᠠ ᠬᠦᠴᠢᠷᠳᠡᠯ ᠳᠤ ᠲᠤᠯᠭᠠᠷᠠᠭᠰᠠᠨ ᠬᠥᠮᠦᠰ ᠢ ᠣᠯᠵᠤ ᠮᠡᠳᠡᠪᠡᠯ᠂ ᠲᠡᠳᠡᠨ ᠢ ᠢᠳᠡᠪᠬᠢᠲᠡᠶ ᠬᠠᠪᠰᠤᠷᠬᠤ ᠶᠢᠨ ᠬᠠᠮᠲᠤ ᠲᠡᠳᠡᠨ ᠳᠤ ᠨᠡᠶᠢᠭᠡᠮ ᠤᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠴᠦ ᠦᠨ᠎ᠡ ᠲᠥᠯᠥᠪᠦᠷᠢ ᠥᠬᠡᠶ ᠠᠪᠤᠷᠠᠨ ᠲᠤᠰᠠᠯᠠᠯᠲᠠ ᠭᠥᠷᠳᠡᠬᠦ ᠶᠢ ᠬᠡᠯᠡᠵᠦ ᠥᠭᠭᠦᠭᠡᠷᠡᠶ︕ ᠪᠠᠴᠢᠮ | ᠪᠠᠶᠢᠳᠠᠯ ᠳᠤᠤᠷ᠎ᠠ 110᠂ 120 ᠤᠲᠠᠰᠤ ᠪᠠᠷ ᠲᠤᠰᠠᠯᠠᠮᠵᠢ ᠭᠤᠶᠤᠴᠢᠯᠠᠭᠠᠷᠠᠶ︕ ᠪᠥᠬᠦ ᠬᠤᠰᠢᠭᠤᠨ ᠤ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ | ᠪᠢᠳᠡ ᠭᠠᠷ ᠬᠤᠯᠪᠣᠯᠴᠠᠨ ᠲᠡᠨᠦᠭᠦᠴᠢᠯᠡᠵᠦ ᠪᠠᠶᠢᠭ᠎ᠠ ᠵᠡᠭᠡᠯᠢ ᠭᠤᠳᠤᠮᠵᠢ ᠪᠣᠯᠤᠨ ᠣᠷᠣᠬᠤ ᠭᠡᠷ ᠣᠭᠤᠴᠢᠬᠤ ᠠᠶᠠᠭ᠎ᠠ ᠥᠬᠡᠶ ᠬᠥᠮᠦᠰ ᠢ ᠬᠠᠮᠲᠤ ᠪᠠᠷ ᠬᠠᠯᠠᠮᠵᠢᠯᠠᠨ | ᠬᠠᠶᠢᠷᠠᠯᠠᠵᠠᠭᠠᠶᠠ︕ ᠪᠢᠳᠡᠨ ᠤ ᠬᠠᠶᠢᠷ᠎ᠠ ᠬᠠᠯᠠᠮᠵᠢ ᠶᠢᠨ ᠬᠠᠪᠰᠤᠷᠤᠯᠭ᠎ᠠ ᠪᠠᠷ ᠲᠡᠳᠡᠨ ᠢ ᠴᠠᠭ ᠲᠤᠬᠠᠶ ᠳᠤᠨᠢ ᠠᠪᠤᠷᠠᠨ ᠲᠤᠰᠠᠯᠠᠵᠤ᠂ ᠡᠷᠲᠡᠬᠡᠨ ᠲᠥᠷᠥᠯ | ᠰᠠᠳᠤᠨ ᠢᠶᠠᠨ ᠡᠷᠢᠵᠦ ᠬᠡᠷ ᠤᠨ ᠬᠥᠮᠦᠰ ᠲᠠᠢ ᠨᠢ ᠠᠭᠤᠯᠵᠠᠭᠤᠯᠤᠶ᠎ᠠ︕ ᠠᠳᠡ ᠠᠷᠤᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠪᠥᠬᠦ ᠬᠤᠰᠢᠭᠤᠨ ᠤ ᠬᠠᠶᠢᠷ᠎ᠠ ᠰᠡᠳᠬᠢᠯᠭᠡ ᠲᠠᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | 24 ᠴᠠᠭ ᠤᠨ ᠠᠪᠤᠷᠠᠨ ᠲᠤᠰᠠᠯᠠᠬᠤ ᠤᠲᠠᠰᠤ᠄ 0470-4223022 | ᠬᠠᠶ᠋ᠢᠭ᠄ ᠠᠷᠤᠨ ᠬᠤᠰᠢᠭᠤᠨ ᠤ ᠨᠠᠵᠢ ᠪᠠᠯᠭᠠᠰᠤᠨ ᠤ ᠠᠮᠢ ᠠᠬᠤᠶ ᠶᠢᠨ ᠵᠡᠭᠡᠯᠢ ᠶᠢᠨ ᠶᠢᠰᠦᠳᠦᠭᠡᠷ ᠨᠣᠮᠧᠷᠲᠤ | | | | ᠠᠷᠤᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ | 2024 ᠣᠨ ᠤ 11 ᠰᠠᠷ᠎ᠠ ᠶᠢᠨ 27 ᠤ ᠡᠳᠦᠷ | |