11 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠪᠥᠬᠦ ᠬᠤᠰᠢᠭᠤᠨ ᠤ ᠠᠵᠤ | ᠠᠬᠤᠶ ᠶᠢᠨ ᠡᠷᠭᠢᠯᠲᠡ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ | ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠭᠯᠡᠯ ᠢ ᠣᠨᠣᠪᠴᠢᠲᠠᠶ ᠡᠵᠡᠮᠳᠡᠵᠦ᠂ ᠠᠰᠠᠭᠤᠳᠠᠯ ᠤᠨ | ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠵᠢᠯ ᠤᠨ ᠡᠴᠦᠰ ᠤᠨ ᠰᠡᠭᠦᠯ ᠬᠤᠷᠢᠶᠠᠬᠤ᠂ ᠢᠷᠡᠬᠦ | ᠵᠢᠯ ᠤᠨ ᠡᠬᠢᠯᠡᠯᠲᠡ ᠶᠢᠨ ᠪᠠᠶᠢᠷᠢᠰᠢᠭᠤᠯᠤᠯᠲᠠ ᠳᠤ ᠴᠢᠭᠯᠡᠯ ᠢ ᠲᠣᠭᠲᠠᠭᠠᠵᠤ ᠥᠭᠪᠡ᠃ ᠶᠠᠩ ᠯᠸᠢ ᠬᠤᠷᠠᠯ ᠳᠤ ᠣᠷᠣᠯᠴᠠᠪᠠ᠃ | | | | | | ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠲᠤᠭ᠎ᠠ ᠪᠦᠷᠢᠳᠬᠡᠯ᠂ ᠭᠠᠶᠢᠯᠢ ᠶᠢᠨ | ᠶᠠᠪᠤᠳᠠᠯ ᠵᠡᠷᠭᠡ ᠰᠠᠯᠠᠭ᠎ᠠ ᠮᠥᠴᠢᠷ ᠤᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠭᠰᠡᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠪᠥᠬᠦ ᠵᠢᠯ ᠤᠨ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ | ᠴᠢᠩᠭᠠᠳᠬᠠᠵᠤ᠂ ᠠᠵᠢᠯ ᠲᠥᠷᠥᠯ ᠰᠠᠯᠠᠭ᠎ᠠ ᠮᠥᠴᠢᠷ ᠤᠨ ᠲᠦᠷᠦᠭᠦᠯᠡᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠲᠠᠢ | ᠠᠵᠢᠯ ᠲᠥᠷᠥᠯ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ | ᠬᠠᠷᠠᠯᠲᠠ ᠲᠠᠢ ᠪᠠᠷ ᠬᠦᠴᠦᠯᠡᠵᠦ᠂ ᠠᠵᠤ ᠠᠬᠤᠶ ᠶᠢᠨ ᠨᠡᠮᠡᠭᠳᠡᠯ ᠤᠨ ᠦᠨᠳᠦᠰᠦᠨ ᠪᠠᠶᠢᠳᠠᠯ ᠢ ᠪᠠᠬᠢᠵᠢᠭᠦᠯᠬᠦ ᠬᠡᠷᠡᠭᠲᠡᠶ᠃ ᠣᠲᠣ ᠪᠠᠶᠢᠭ᠎ᠠ ᠠᠵᠤ ᠠᠬᠤᠶᠢᠯᠠᠯ ᠤᠨ | ᠲᠥᠷᠥᠯ ᠵᠦᠢᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠵᠠᠷᠴᠢᠮ ᠢ | ᠪᠠᠷᠢᠮᠲᠠᠯᠠᠵᠤ᠂ ᠰᠢᠨ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯᠤᠨ ᠬᠠᠭᠤᠴᠢᠨ ᠲᠥᠷᠥᠯ ᠵᠦᠢᠯ ᠤᠨ ᠳᠠᠯᠳᠠ ᠬᠦᠴᠦᠨ ᠢ ᠠᠭᠤᠳᠠᠯᠠᠨ᠂ ᠦᠷ᠎ᠡ | ᠠᠰᠢᠭ ᠢ ᠨᠡᠮᠡᠭᠳᠡᠭᠦᠯᠬᠦ ᠶᠢ ᠬᠠᠮᠲᠤ ᠳᠤᠨᠢ ᠬᠠᠷᠠᠭᠠᠯᠵᠠᠵᠤ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠶᠢᠨ ᠱᠠᠯᠠᠪᠳᠠᠭᠤᠯᠤᠨ | ᠵᠢᠯᠣᠭᠤᠳᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠠᠩᠭᠢᠯᠠᠭ᠎ᠠ ᠶᠢᠨ | ᠭᠦᠢᠴᠡᠳᠭᠡᠯ ᠲᠤᠭ᠎ᠠ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠩᠬᠠᠷᠴᠤ᠂ ᠡᠴᠦᠰ ᠤᠨ ᠴᠠᠭ ᠢ ᠠᠮᠵᠢᠵᠤ᠂ ᠪᠥᠬᠦ ᠬᠦᠴᠦᠨ ᠢᠶᠠᠷ ᠢᠶᠠᠨ ᠪᠣᠭᠤᠮᠲᠠ | ᠰᠢᠪᠲᠤᠯᠬᠤ ᠬᠡᠷᠡᠭᠲᠡᠶ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠶᠢ ᠪᠠᠬᠢᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ | ᠦᠢᠯᠡᠴᠢᠯᠡᠵᠦ᠂ ᠰᠠᠭᠤᠷᠢ ᠠᠵᠢᠯ ᠢ ᠪᠣᠳᠠᠲᠠᠶ ᠨᠠᠷᠢᠯᠢᠭ ᠬᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠪᠥᠬᠦ ᠵᠢᠯ ᠤᠨ ᠡᠭᠦᠷᠭᠡ ᠪᠠᠨ ᠴᠢᠷᠮᠠᠶᠢᠨ ᠪᠡᠶᠡᠯᠡᠭᠦᠯᠬᠦ | ᠬᠡᠷᠡᠭᠲᠡᠶ᠃ | |