ᠰᠢᠶᠦ᠋ᠩ ᠰᠢᠶᠣᠣ ᠫᠢᠩ᠂ ᠽᠧᠩ ᠠᠨ ︽ᠳᠤᠮᠳᠠᠳᠤ ᠤᠯᠤᠰ ᠤᠨ ᠠᠵᠤ ᠠᠬᠤᠢ ᠶᠢᠨ ᠮᠡᠳᠡᠭᠦᠯᠦᠯᠲᠡ︾ ᠰᠡᠳᠬᠦᠯ ᠤᠨ 2023 ᠣᠨ ᠤ 3 ᠳ᠋ᠤᠭᠠᠷ | ᠬᠤᠭᠤᠴᠠᠭ᠎ᠠ ᠳᠤ ᠥᠭᠦᠯᠡᠯ ᠨᠡᠶᠢᠲᠡᠯᠡᠵᠦ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠮᠡᠳᠡᠭᠦᠯᠦᠯᠲᠡ ᠶᠢ ᠬᠢᠨᠠᠨ | ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠪᠦᠷᠢᠨ ᠪᠦᠲᠦᠨ ᠵᠥᠪ | ᠣᠨᠣᠪᠴᠢᠲᠠᠢ ᠪᠠᠶᠢᠬᠤ ᠪᠣᠯ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠦᠲᠦᠮᠵᠢᠲᠡᠢ ᠶᠠᠪᠤᠭᠳᠠᠬᠤ ᠶᠢ ᠪᠠᠲᠤᠯᠠᠬᠤ ᠠᠮᠢᠨ ᠰᠤᠳᠠᠰᠤ ᠮᠥᠨ ᠭᠡᠵᠦ ᠵᠢᠭᠠᠵᠤ | ᠭᠠᠷᠭᠠᠪᠠ᠃ ᠣᠯᠠᠨ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠲᠤᠷᠰᠢᠯᠭ᠎ᠠ ᠪᠣᠯᠣᠨ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ | ᠳᠡᠯᠭᠡᠭᠦᠷ ᠤᠨ ᠬᠢᠨᠠᠨ ᠬᠡᠮᠵᠢᠬᠦ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠳᠦᠷᠢᠮ ᠳᠤ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠳᠣᠣᠷᠠᠬᠢ ᠭᠤᠷᠪᠠᠨ | ᠲᠠᠯ᠎ᠠ ᠪᠠᠷ ᠳᠦᠷᠢᠮ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠰᠠᠨᠠᠭᠤᠯᠤᠶ᠎ᠠ᠃ | ᠨᠢᠭᠡ ᠳᠤ᠂ ᠨᠢᠭᠡᠳᠦᠯᠲᠡᠢ ᠳᠦᠷᠢᠮᠵᠢᠭᠰᠡᠨ ᠬᠢᠨᠠᠨ ᠬᠡᠮᠵᠢᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠬᠤ ᠬᠡᠷᠡᠭᠲᠡᠢ᠃ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠤᠭᠤᠷᠣᠨᠳᠣᠭᠢ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶ᠎ᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ᠲᠣᠭᠲᠠᠭᠠᠨ ᠬᠡᠷᠡᠭᠵᠢᠭᠦᠯᠬᠦ ᠶᠢ ᠲᠦᠷᠭᠡᠳᠬᠡᠨ᠂ ᠪᠦᠭᠦ ᠤᠯᠤᠰ ᠤᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠵᠠᠬ᠎ᠠ ᠳᠡᠯᠭᠡᠭᠦᠷ ᠲᠤ ᠬᠠᠤᠯᠢ ᠳᠦᠷᠢᠮ ᠤᠨ ᠰᠠᠭᠤᠷᠢ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠳᠦᠷᠢᠮ ᠤᠨ ᠰᠠᠭᠤᠷᠢᠨ ᠳᠡᠭᠡᠷ᠎ᠡ᠂ ᠨᠢᠭᠡᠳᠦᠯᠲᠡᠢ | ᠳᠦᠷᠢᠮᠵᠢᠭᠰᠡᠨ ᠬᠢᠨᠠᠨ ᠬᠡᠮᠵᠢᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠳᠦᠷᠢᠮ ᠲᠣᠭᠲᠠᠭᠠᠬᠤ ᠶᠢᠨ ᠬᠠᠮᠲᠤ ᠲᠡᠭᠦᠨ ᠤ ᠬᠠᠤᠯᠢ ᠴᠠᠭᠠᠵᠠ ᠶᠢᠨ ᠪᠠᠶᠢᠷᠢ | ᠰᠠᠭᠤᠷᠢ ᠶᠢ ᠨᠢ ᠠᠯᠢ ᠴᠢᠳᠠᠬᠤ ᠪᠠᠷ ᠳᠡᠭᠡᠭᠰᠢᠯᠡᠭᠦᠯᠭᠦ ᠬᠡᠷᠡᠭᠲᠡᠢ᠃ ᠣᠳᠣ ᠪᠠᠶᠢᠬᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠤᠳᠤᠬᠤ | ᠳᠦᠷᠢᠮ ᠤᠨ ᠰᠢᠰᠲ᠋ᠧᠮ ᠢ ᠴᠣᠮᠬᠠᠳᠬᠠᠵᠤ᠂ ᠨᠢᠭᠡᠳᠦᠯᠲᠡᠢ ᠳᠦᠷᠢᠮᠵᠢᠭᠰᠡᠨ ᠪᠤᠳᠤᠬᠤ ᠳᠦᠷᠢᠮ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ | ᠬᠤᠶᠠᠷ ᠲᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠭᠰᠡᠨ ᠮᠡᠳᠡᠭᠦᠯᠦᠯᠲᠡ ᠪᠠ ᠮᠡᠳᠡᠭᠡ ᠵᠠᠩᠭᠢ ᠶᠢ ᠢᠯᠡ ᠪᠤᠯᠭᠠᠬᠤ ᠳᠦᠷᠢᠮ ᠤᠨ | ᠱᠠᠭᠠᠷᠳᠠᠯᠭ᠎ᠠ ᠶᠢ ᠰᠢᠯᠢᠳᠡᠭᠵᠢᠭᠦᠯᠬᠦ ᠬᠡᠷᠡᠭᠲᠡᠢ᠃ ᠠᠵᠢᠯ ᠤᠨ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠣᠮᠬᠠᠨ᠂ | ᠥᠨᠳᠥᠷ ᠦᠷ᠎ᠡ ᠪᠦᠲᠦᠮᠵᠢᠲᠡᠢ᠂ ᠬᠡᠷᠡᠭᠯᠡᠬᠦ ᠳᠤ ᠰᠠᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠣᠪᠤᠶᠢᠯᠭᠠᠨ᠂ ᠮᠡᠳᠡᠭᠡ ᠵᠠᠩᠭᠢ ᠶᠢᠨ ᠵᠣᠬᠢᠴᠠᠭᠤᠯᠭ᠎ᠠ ᠪᠠ | ᠨᠡᠪᠲᠡᠷᠡᠯᠴᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠠᠭᠢᠨ ᠳᠠᠪᠲᠠᠨ ᠮᠡᠳᠡᠭᠦᠯᠦᠯᠲᠡ ᠲᠠᠭᠯᠠᠬᠤ ᠵᠡᠷᠭᠡ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ | ᠬᠠᠷᠢᠯᠴᠠᠨ ᠠᠬᠢᠭᠤᠯᠬᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠣᠷᠴᠢᠨ ᠠᠬᠤᠢ ᠶᠢᠨ ᠮᠡᠳᠡᠭᠡ ᠵᠠᠩᠭᠢ ᠶᠢᠨ ᠲᠠᠪᠴᠠᠩ ᠢ ᠦᠷᠭᠦᠯᠵᠢᠯᠡᠨ | ᠰᠢᠯᠢᠳᠡᠭᠵᠢᠭᠦᠯᠬᠦ ᠬᠡᠷᠡᠭᠲᠡᠢ᠃ | ᠭᠤᠷᠪᠠ ᠳᠤ᠂ ᠬᠢᠨᠠᠨ ᠪᠠᠶᠢᠴᠠᠭᠠᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠨᠢᠭᠡᠳᠦᠯᠲᠡᠢ ᠳᠦᠷᠢᠮᠵᠢᠭᠰᠡᠨ ᠬᠢᠨᠠᠨ ᠪᠠᠶᠢᠴᠠᠭᠠᠬᠤ | ᠪᠠᠶᠢᠭᠤᠯᠤᠮᠵᠢ ᠪᠠ ᠠᠵᠢᠯᠲᠠᠨ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠲᠣᠭᠲᠠᠭᠠᠵᠤ᠂ ᠪᠠᠶᠢᠭᠤᠯᠤᠮᠵᠢ ᠪᠠ ᠠᠵᠢᠯᠲᠠᠨ ᠳᠤ ᠳᠠᠪᠬᠤᠷ ᠬᠢᠨᠠᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ ᠪᠠᠰᠠ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠠᠶᠢᠴᠠᠭᠠᠬᠤ ᠪᠠᠶᠢᠭᠤᠯᠤᠮᠵᠢ ᠪᠠ | ᠠᠵᠢᠯᠲᠠᠨ ᠤ ᠭᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠳᠡᠮ ᠬᠢᠨᠠᠨ ᠪᠠᠶᠢᠴᠠᠭᠠᠭᠰᠠᠨ ᠤ ᠰᠠᠭᠤᠷᠢᠨ ᠳᠡᠭᠡᠷ᠎ᠡ᠂ ᠠᠵᠢᠯ ᠲᠥᠷᠥᠯ ᠤᠨ ᠬᠢᠨᠠᠨ ᠪᠠᠶᠢᠴᠠᠭᠠᠬᠤ | ᠮᠡᠷᠭᠡᠵᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠡᠢ᠃ ︵︽ᠰᠢᠨᠬᠤᠸᠠ ᠵᠣᠬᠢᠶᠠᠯ ᠤᠨ ᠱᠦᠭᠦᠮᠡᠭ︾ ᠰᠡᠳᠬᠦᠯ ᠠᠴᠠ︶ | |