ᠲᠠᠷᠢᠶᠠᠴᠢᠳ ᠤᠨ ᠬᠤᠷᠰᠢᠶ᠎ᠠ ᠶᠢᠨ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠬᠡᠯᠬᠢᠶ᠎ᠡ ᠶᠢ ᠨᠢᠭᠡᠳᠬᠡᠨ ᠡᠵᠡᠮᠳᠡᠬᠦ ᠳᠤ ᠦᠵᠡᠭᠦᠯᠦᠭᠰᠡᠨ ᠬᠤᠪᠢ ᠨᠡᠮᠡᠷᠢ
ᠨᠡᠶᠢᠲᠡᠯᠡᠭᠰᠡᠨ ᠴᠠᠭ᠄
2024/11/28
    ᠯᠢᠦ ᠹᠧᠩ ᠴᠢᠨ᠂ ᠰᠦ ᠮᠸᠢ ᠯᠢ᠂ ᠶᠤᠸᠠᠨ ᠫᠧᠩ ︽ᠠᠵᠤ ᠠᠬᠤᠢ ᠨᠡᠶᠢᠭᠡᠮ ᠤᠨ ᠪᠠᠶᠢᠭᠤᠯᠤᠯ ᠤᠨ ᠬᠠᠷᠢᠴᠠᠭᠤᠯᠤᠯ︾ ᠰᠡᠳᠬᠦᠯ ᠤᠨ 2023 ᠣᠨ ᠤ 4 ᠳ᠋ᠦ᠋ᠭᠡᠷ ᠬᠤᠭᠤᠴᠠᠭ᠎ᠠ ᠳᠤ ᠥᠭᠦᠯᠡᠯ ᠨᠡᠶᠢᠲᠡᠯᠡᠵᠦ᠂ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠬᠠᠩᠭᠠᠯᠭ᠎ᠠ ᠶᠢᠨ ᠬᠡᠯᠬᠢᠶ᠎ᠡ ᠶᠢ ᠨᠢᠭᠡᠳᠬᠡᠨ ᠡᠵᠡᠮᠳᠡᠬᠦ ᠳᠤ ᠦᠵᠡᠭᠦᠯᠦᠭᠰᠡᠨ ᠬᠤᠪᠢ ᠨᠡᠮᠡᠷᠢ ᠶᠢ ᠰᠢᠯᠭᠠᠨ ᠪᠠᠶᠢᠴᠠᠭᠠᠭᠰᠠᠨ ᠰᠤᠳᠤᠯᠭᠠᠨ ᠤ ᠦᠷ᠎ᠡ ᠳ᠋ᠦᠩ ᠨᠢ ᠳᠣᠣᠷᠠᠬᠢ ᠮᠡᠲᠦ᠄    1. ᠲᠠᠷᠢᠶᠠᠴᠢᠳ ᠤᠨ ᠬᠤᠷᠰᠢᠶ᠎ᠠ ᠨᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠰᠢᠭᠰᠢᠨ ᠰᠣᠩᠭᠤᠬᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠠᠩᠰᠠ ᠡᠪᠬᠡᠮᠡᠯ ᠪᠠᠶᠢᠭᠤᠯᠬᠤ᠂ ᠭᠠᠵᠠᠷ ᠰᠢᠷᠣᠢ ᠶᠢᠨ ᠡᠷᠭᠢᠯᠲᠡ ᠳᠤ ᠣᠷᠣᠬᠤ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷᠢᠯ ᠢᠶᠠᠷ ᠲᠠᠷᠢᠶᠠᠯᠠᠬᠤ ᠡᠷᠦᠭᠡ ᠶᠢᠨ ᠣᠨᠳᠣᠣᠰᠢᠬᠤ ᠴᠢᠨᠠᠷ ᠢ ᠬᠢᠵᠠᠭᠠᠷᠯᠠᠵᠤ᠂ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠠᠬᠢᠭᠤᠯᠬᠤ ᠪᠣᠯᠣᠨ᠎ᠠ᠃    2. ᠰᠢᠯᠢᠳᠡᠭ ᠬᠤᠷᠰᠢᠶ᠎ᠠ ᠨᠢ ᠣᠯᠠᠨ ᠵᠦᠢᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠲᠠᠢ ᠪᠠᠶᠢᠳᠠᠭ ᠠᠴᠠ ᠬᠤᠷᠰᠢᠶ᠎ᠠ ᠶᠢᠨ ᠲᠣᠰ ᠪᠡᠶ᠎ᠡ ᠶᠢᠨ ᠢᠲᠡᠭᠡᠮᠵᠢ ᠶᠢᠨ ᠦᠷᠲᠡᠭ ᠢᠶᠠᠨ ᠳᠡᠭᠡᠭᠰᠢᠯᠡᠭᠦᠯᠵᠦ ᠴᠢᠲᠠᠲᠠᠭ ; ᠡᠭᠦᠨ ᠤ ᠤᠯᠠᠮ ᠢᠶᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠲᠡᠭᠡᠮᠵᠢᠲᠡᠢ ᠪᠠᠶᠢᠵᠤ᠂ ᠲᠠᠷᠢᠶᠠᠯᠠᠬᠤ ᠡᠷᠦᠭᠡ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠡᠮᠵᠢᠯᠭᠡ ᠣᠯᠬᠤ ᠨᠣᠷᠮ᠎ᠠ ᠶᠢ ᠳᠡᠭᠡᠭᠰᠢᠯᠡᠭᠦᠯᠵᠦ ᠴᠢᠳᠠᠳᠠᠭ᠃    3. ᠬᠤᠷᠰᠢᠶ᠎ᠠ ᠡᠷᠭᠢᠯᠡᠭᠴᠢ ᠶᠢᠨ ᠴᠢᠳᠠᠪᠤᠷᠢ᠂ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠪᠠ ᠡᠵᠡᠮᠳᠡᠯ ᠳᠤ ᠲᠦᠰᠢᠭᠯᠡᠨ᠂ ᠲᠠᠷᠢᠶᠠᠯᠠᠬᠤ ᠡᠷᠦᠭᠡ ᠶᠢᠨ ᠮᠡᠷᠭᠡᠵᠢᠯ ᠤᠨ ᠦᠢᠯᠡᠴᠢᠯᠡᠭᠡ ᠳᠡᠮᠵᠢᠯᠭᠡ ᠣᠯᠬᠤ ᠲᠣᠬᠢᠶᠠᠯᠳᠤᠮᠵᠢ ᠶᠢ ᠢᠯᠡᠳᠲᠡ ᠨᠡᠮᠡᠭᠳᠡᠭᠦᠯᠵᠦ ᠴᠢᠳᠠᠨ᠎ᠠ᠃    4. ᠬᠤᠷᠰᠢᠶ᠎ᠠ ᠨᠢ ᠥᠪᠡᠷ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠬᠤᠷᠰᠢᠶ᠎ᠠ ᠡᠷᠭᠢᠯᠡᠭᠴᠢ ᠶᠢᠨ ᠴᠢᠳᠠᠪᠤᠷᠢ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠳᠤ ᠲᠦᠰᠢᠭᠯᠡᠨ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡ ᠪᠣᠯᠣᠨ ᠦᠵᠦᠭᠦᠷ ᠤᠨ ᠵᠠᠬ᠎ᠠ ᠳᠡᠯᠭᠡᠭᠦᠷ ᠵᠡᠷᠭᠡ ᠬᠠᠩᠭᠠᠯᠭ᠎ᠠ ᠶᠢᠨ ᠬᠡᠯᠬᠢᠶ᠎ᠡ ᠶᠢ ᠪᠦᠲᠦᠮᠵᠢᠲᠡᠢ ᠨᠢᠭᠡᠳᠬᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠡᠵᠡᠩᠨᠡᠯᠲᠡ ᠶᠢᠨ ᠦᠷᠳᠡᠭ ᠢ ᠢᠯᠡᠳᠲᠡ ᠪᠠᠭᠤᠷᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃    ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ᠄    ᠨᠢᠭᠡ ᠳᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠤᠯᠬᠤ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠬᠠᠩᠭᠠᠯᠭ᠎ᠠ ᠶᠢᠨ ᠬᠡᠯᠬᠢᠶ᠎ᠡ ᠳᠠᠬᠢ ᠨᠢᠭᠡᠳᠬᠡᠨ ᠡᠵᠡᠮᠳᠡᠬᠦ ᠴᠢᠳᠠᠮᠵᠢ ᠶᠢ ᠪᠤᠶᠢᠵᠢᠭᠤᠯᠬᠤ ᠬᠡᠷᠡᠭᠲᠡᠢ᠃    ᠬᠤᠶᠠᠷ ᠲᠤ᠂ ᠲᠠᠷᠢᠶᠠᠯᠠᠩ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠥᠭᠵᠢᠯᠲᠡ ᠶᠢ ᠶᠡᠭᠡ ᠪᠠᠷ ᠬᠥᠭᠵᠢᠭᠦᠯᠦᠨ ᠠᠬᠢᠭᠤᠯᠬᠤ ᠬᠡᠷᠡᠭᠲᠡᠢ᠃    ᠭᠤᠷᠪᠠ ᠳᠤ᠂ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠪᠠ ᠵᠡᠷᠭᠡ ᠳᠡᠰ ᠢ ᠳᠡᠭᠡᠭᠰᠢᠯᠡᠭᠦᠯᠭᠦ ᠬᠡᠷᠡᠭᠲᠡᠢ᠃    ᠳᠥᠷᠪᠡ ᠳᠤ᠂ ᠲᠠᠷᠢᠶᠠᠯᠠᠬᠤ ᠡᠷᠦᠭᠡ ᠶᠢᠨ ᠲᠠᠩᠰᠠ ᠡᠪᠬᠡᠮᠡᠯ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠪᠠ ᠳᠠᠷᠢᠵᠤ ᠲᠡᠵᠢᠭᠡᠬᠦ ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠷ ᠬᠤᠷᠰᠢᠶ᠎ᠠ ᠶᠢᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃    ︵︽ᠰᠢᠨᠬᠤᠸᠠ ᠵᠣᠬᠢᠶᠠᠯ ᠤᠨ ᠱᠦᠭᠦᠮᠡᠭ︾ ᠰᠡᠳᠬᠦᠯ ᠠᠴᠠ︶ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ